6 ᠰᠠᠷ᠎ᠠ ᠶᠢᠨ 23 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ | ᠵᠢᠯᠤᠭᠤᠳᠬᠤ ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠨᠢᠭᠡᠨ ᠵᠦᠢᠯ ᠤᠨ ᠴᠢᠬᠤᠯᠠ ᠠᠷᠭ᠎ᠠ ᠭᠡᠯᠪᠡᠷᠢ ᠪᠣᠯᠣᠨ᠎ᠠ︾ ᠭᠡᠬᠦ ᠴᠢᠬᠤᠯᠠ ᠵᠣᠬᠢᠶᠠᠯ ᠢ | ᠤᠯᠠᠮᠵᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠥᠪᠡᠷᠲᠡᠭᠡᠨ ᠵᠠᠰᠠᠬᠤ ᠣᠷᠣᠨ ᠤ ᠠᠯᠤᠰ | ᠭᠡᠲᠦ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠤᠨ ᠲᠤᠬᠠᠢ ᠰᠤᠳᠤᠯᠭᠠᠨ ᠢ ᠴᠢᠩᠭᠠᠳᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠡᠯ᠎ᠡ ᠲᠥᠷᠥᠯ ᠤᠨ ᠲᠥᠯᠦᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠬᠤ ᠬᠡᠷᠡᠭᠲᠡᠢ᠃ ᠪᠣᠳᠣᠯᠲᠠ ᠶᠢᠨ ᠬᠦᠴᠦᠨ᠂ ᠨᠡᠭᠦᠷᠡᠰᠦᠨ ᠳᠠᠪᠬᠤᠷᠭ᠎ᠠ ᠶᠢᠨ ᠬᠡᠢ᠂ | ᠰᠢᠨ᠎ᠡ ᠪᠣᠬᠢᠷᠳᠤᠯ ᠦᠭᠡᠢ ᠡᠨᠧᠷᠭᠢ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠣᠶᠢᠷ᠎ᠠ ᠣᠭᠲᠠᠷᠭᠤᠢ ᠶᠢᠨ ᠠᠵᠤ ᠠᠬᠤᠢ ᠵᠡᠷᠭᠡ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠢᠨᠵᠧᠨᠧᠷᠢᠩ ᠤᠨ ᠲᠦᠷᠦᠯ ᠵᠦᠢᠯ ᠪᠣᠯᠣᠨ ᠠᠷᠠᠳ ᠤᠨ | ᠠᠮᠢᠳᠤᠷᠠᠯ ᠤᠨ ᠲᠦᠷᠦᠯ ᠵᠦᠢᠯ ᠢ ᠨᠠᠷᠢᠯᠢᠭ ᠣᠨᠣᠴᠠᠲᠠᠢ ᠲᠥᠯᠥᠪᠵᠢᠭᠦᠯᠵᠦ᠂ ︽ᠪᠤᠳᠤᠯ ᠲᠥᠰᠥᠭᠡᠯᠡᠯ︾ ᠢᠶᠠᠨ ︽ᠪᠣᠳᠠᠲᠠᠢ ᠠᠷᠭ᠎ᠠ︾ ᠪᠣᠯᠭᠠᠨ | ᠬᠤᠪᠢᠷᠠᠭᠤᠯᠬᠤ ᠶᠢ ᠠᠬᠢᠭᠤᠯᠵᠤ᠂ ᠤᠯᠤᠰ ᠤᠨ ᠶᠡᠭᠡ ᠲᠠᠯ᠎ᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠶᠢᠰᠦᠳᠦᠭᠡᠷ | ᠵᠢᠭᠠᠨ ᠵᠢᠯᠤᠭᠤᠳᠬᠤ ᠳᠤᠭᠤᠶᠢᠯᠠᠩ ᠤᠨ ᠮᠠᠨ ᠤ ᠣᠷᠣᠨ ᠳᠤ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠠᠭᠤᠯᠵᠠᠯᠲᠠ ᠶᠢᠨ ᠬᠤᠷᠠᠯ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ | ᠪᠦᠷᠢᠯᠳᠦᠭᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠬᠡᠵᠦ᠂ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ | ᠲᠥᠪ ᠤᠨ ᠵᠢᠭᠠᠨ ᠵᠢᠯᠤᠭᠤᠳᠬᠤ ᠳᠤᠭᠤᠶᠢᠯᠠᠩ ᠤᠨ ᠠᠵᠢᠯ ᠳᠤ ᠨᠠᠷᠢᠨ ᠬᠢᠨᠠᠮᠠᠭᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠵᠢᠭᠠᠨ ᠵᠢᠯᠤᠭᠤᠳᠴᠤ ᠬᠢᠨᠠᠨ | ᠵᠢᠯᠤᠭᠤᠳᠬᠤ ᠬᠦᠴᠦᠨ ᠢ ᠠᠰᠢᠭᠯᠠᠨ ᠳᠤᠲᠠᠭᠤᠳᠠᠯ ᠢᠶᠠᠨ ᠴᠢᠨᠠᠭᠰᠢᠳᠠ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠢᠲᠤᠭᠠᠨ ᠢᠷ ᠢ | ᠳᠣᠲᠣᠭᠰᠢ ᠬᠠᠨᠳᠤᠭᠤᠯᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠴᠢᠩᠭ᠎ᠠ ᠪᠣᠳᠠᠲᠠᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠵᠤ᠂ ᠰᠤᠷᠤᠯᠴᠠᠯᠭ᠎ᠠ | ᠬᠥᠮᠦᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠸᠧᠢ ᠱᠤᠸᠠᠨ ᠱᠢ ᠵᠡᠷᠭᠡ ᠬᠥᠮᠥᠰ ᠤᠨ ᠲᠣᠭᠲᠠᠭᠠᠯ ᠠᠴᠠ | ᠵᠥᠷᠢᠴᠡᠨ ᠢᠳᠡᠵᠦ ᠤᠤᠭᠤᠭᠰᠠᠨ ᠠᠰᠠᠭᠤᠳᠠᠯ ᠢᠶᠠᠷ ᠲᠣᠯᠢ ᠪᠤᠯᠭᠠᠵᠤ᠂ ᠰᠡᠷᠡᠮᠵᠢᠯᠡᠭᠦᠯᠭᠦ ᠬᠥᠮᠦᠵᠢᠯ ᠥᠷᠨᠢᠭᠦᠯᠵᠦ᠂ ᠳᠦᠷᠢᠮ ᠤᠨ ᠬᠡᠷᠡᠭᠵᠢᠭᠦᠯᠦᠯᠲᠡ ᠶᠢ | ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠪᠣᠯᠣᠨ ᠠᠯᠪᠠᠨ ᠲᠤᠰᠢᠶᠠᠯᠲᠠᠨ ᠴᠥᠮ ᠰᠡᠳᠬᠢᠯ ᠤᠨ ᠤᠭ ᠠᠴᠠ ᠪᠠᠨ ᠪᠢᠰᠢᠷᠡᠨ | ᠵᠢᠷᠦᠬᠡᠰᠢᠶᠡᠵᠦ᠂ ᠭᠦᠭ ᠬᠡᠮᠵᠢᠶ᠎ᠡ ᠲᠠᠢ ᠪᠠᠶᠢᠬᠤ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠡᠯ᠎ᠡ ᠲᠦᠷᠦᠯ ᠤᠨ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠵᠤ ᠠᠬᠤᠢ ᠶᠢᠨ ᠡᠷᠭᠢᠯᠲᠡ᠂ | ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠳᠠᠭᠠᠰᠤ | ᠬᠠᠳᠠᠬᠤ ᠬᠠᠲᠠᠭᠤ ᠵᠣᠷᠢᠭ ᠪᠣᠯᠣᠨ ᠮᠣᠩᠭᠤᠯ ᠮᠣᠷᠢᠨ ᠤ ᠵᠣᠷᠢᠭ ᠰᠠᠨᠠᠭᠠᠨ ᠤ ᠡᠷᠴᠢ ᠵᠣᠷᠢᠭ ᠢᠶᠠᠷ ᠳᠡᠭᠡᠷ᠎ᠡ ᠬᠠᠭᠠᠰ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠦᠩᠯᠢᠶᠣᠣ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ ᠨᠡᠶᠢᠲᠡᠯᠢᠭ ᠬᠡᠷᠡᠭ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠰᠤᠳᠤᠯᠵᠤ᠂ ᠴᠠᠭ ᠢᠮᠠᠭᠲᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠠᠷᠬᠠᠭ ᠭᠡᠮ ᠦᠯᠡᠳᠡᠭᠡᠬᠦ ᠦᠭᠡᠢ | ᠣᠪᠣᠷ ᠢᠶᠠᠷ ᠡᠷᠲᠡᠬᠡᠨ ᠴᠡᠭᠴᠡᠯᠡᠨ ᠰᠠᠶᠢᠵᠢᠷᠠᠭᠤᠯᠵᠤ᠂ ᠲᠦᠷᠭᠡᠨ ᠴᠡᠭᠴᠡᠯᠡᠨ ᠵᠠᠰᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠮᠦᠷᠳᠡᠨ ᠠᠩᠬᠠᠷᠴᠤ | ᠭᠦᠢᠴᠡᠳᠬᠡᠯᠭᠡᠬᠦ ᠮᠥᠷᠲᠡᠭᠡᠨ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠪᠦᠭᠦ ᠣᠷᠣᠨ ᠢᠶᠠᠷ ᠢᠶᠠᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ | ᠪᠠᠰᠠ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠦᠨᠳᠦᠰᠦ ᠠᠴᠠ ᠨᠢ ᠵᠠᠰᠠᠬᠤ ᠠᠷᠭ᠎ᠠ ᠪᠣᠳᠣᠯᠭ᠎ᠠ ᠶᠢ | ᠰᠤᠳᠤᠯᠵᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠲᠠᠰᠤ ᠬᠤᠷᠢᠭᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠵᠤ | ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠤᠰᠤᠨ ᠠᠰᠢᠭᠯᠠᠯᠲᠠ᠂ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠨ ᠣᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ | ᠰᠣᠨᠣᠰᠴᠤ᠂ ᠠᠰᠠᠭᠤᠳᠠᠯ ᠤᠨ ᠰᠦᠪᠡᠭᠴᠢ ᠶᠢ ᠢᠯᠡᠷᠡᠭᠦᠯᠬᠦ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ︽ᠲᠣᠰᠬᠤᠨ ᠤ ᠡᠵᠡᠷᠬᠡᠭᠴᠢ︾᠂ ︽ᠬᠠᠶᠢᠷ | ᠴᠢᠯᠠᠭᠤ ᠶᠢᠨ ᠡᠵᠡᠷᠬᠡᠭᠴᠢ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠡᠷᠲᠡ ᠠᠴᠠ ᠴᠣᠬᠢᠯᠲᠠ ᠥᠭᠴᠦ ᠪᠠᠭ᠎ᠠ ᠪᠠᠶᠢᠭ᠎ᠠ | ᠦᠶ᠎ᠡ ᠳᠤᠨᠢ ᠴᠣᠬᠢᠯᠲᠠ ᠥᠭᠬᠦ ᠭᠡᠷᠡᠭᠲᠡᠶ︔ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠭᠤᠣᠯᠳᠠᠯᠭ᠎ᠠ ᠨᠢ ᠵᠢᠷᠤᠮᠵᠢᠭᠤᠯᠬᠤ ᠳᠤ ᠪᠤᠶ᠂ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠵᠣᠷᠢᠭᠤᠳᠠ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠠᠰᠢᠭ | ᠬᠥᠭᠡᠭᠡᠴᠡᠯᠳᠦᠬᠦ ᠴᠢᠨᠠᠷᠲᠠᠢ ᠬᠠᠤᠯᠢ ᠬᠡᠷᠡᠭᠵᠢᠭᠦᠯᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠭᠡᠷᠡᠭᠲᠡᠶ︔ ᠬᠥᠳᠡᠭᠡ ᠲᠣᠰᠬᠤᠨ ᠤ ᠤᠰᠤ | ᠬᠠᠩᠭᠠᠬᠤ ᠢᠨᠵᠧᠨᠧᠷᠢᠩ ᠳᠤ ᠪᠠᠷᠢᠯᠭ᠎ᠠ ᠡᠬᠢᠯᠡᠭᠦᠯᠬᠦ ᠶᠢ ᠠᠳᠬᠤᠬᠤ ᠮᠥᠷᠲᠡᠭᠡᠨ ᠪᠠᠰᠠ ᠬᠠᠮᠢᠶᠠᠷᠴᠤ ᠬᠠᠮᠠᠭᠠᠯᠠᠬᠤ ᠶᠢ ᠠᠳᠬᠤᠵᠤ᠂ ᠤᠰᠤ ᠠᠷᠪᠢᠯᠠᠬᠤ | ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠬᠤ ᠭᠡᠷᠡᠭᠲᠡᠶ︔ ᠵᠢᠭᠤᠯᠴᠢᠯᠠᠯ ᠤᠨ ᠦᠢᠯᠡᠰ ᠤᠨ ᠬᠦᠷᠢᠶᠡᠨ ᠳᠠᠬᠢ ᠭᠤᠮᠣᠳᠠᠯ ᠲᠣᠭᠠᠴᠢᠯᠲᠠ ᠶᠢᠨ ᠰᠦᠯᠵᠢᠶᠡᠨ ᠳᠡᠭᠡᠷᠡᠬᠢ ᠪᠠ ᠠᠬᠤᠢ | ᠲᠠᠯᠠᠪᠠᠢ ᠶᠢᠨ ᠠᠷᠭ᠎ᠠ ᠵᠠᠮ ᠢ ᠰᠢᠯᠤᠭᠤᠳᠬᠠᠵᠤ᠂ ᠲᠦᠷᠭᠡᠨ ᠴᠤᠤᠷᠢᠶᠠᠲᠤᠨ ᠲᠤᠰᠬᠠᠯ ᠭᠠᠷᠭᠠᠬᠤ ᠲᠣᠭᠲᠠᠴᠠ ᠶᠢ ᠪᠠᠶᠢᠭᠤᠯᠤᠨ᠂ ︽ᠦᠨᠡᠮᠯᠡᠯ ᠦᠭᠡᠢ | ᠵᠢᠭᠤᠯᠴᠢᠯᠠᠯ ᠤᠨ ᠵᠠᠮᠴᠢᠯᠠᠭᠴᠢ︾ ᠪᠠ ︽ᠦᠨᠡᠮᠯᠡᠯ ᠦᠭᠡᠢ ᠵᠢᠭᠤᠯᠴᠢᠯᠠᠯ ᠤᠨ ᠭᠠᠵᠠᠷ︾ ᠲᠤ ᠬᠠᠮᠲᠤᠷᠠᠨ ᠴᠣᠬᠢᠯᠲᠠ ᠥᠭᠴᠦ᠂ ᠵᠢᠭᠤᠯᠴᠢᠯᠠᠬᠰᠠᠳ ᠤᠨ | ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠭᠠᠷᠮᠠᠭᠠᠢ ᠴᠢᠳᠠᠪᠤᠷᠢᠲᠠᠨ ᠤ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠵᠦᠢᠯ ᠢ ᠰᠤᠳᠤᠯᠵᠠᠢ᠃ |