ᠭᠡᠭᠡᠨ ᠭᠤᠤᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠭᠤᠷᠮᠠᠭ ᠴᠢᠨᠠᠷᠲᠠᠢ ᠮᠠᠭᠤ ᠮᠢᠬᠠᠨ ᠤ ᠪᠦᠲᠦᠭᠡᠭᠳᠡᠬᠦᠨ ᠢ ᠦᠢᠯᠡᠳᠴᠦ ᠪᠣᠷᠣᠯᠠᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/4
    ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠲᠤᠯᠠᠵᠤ᠂ ᠬᠠᠭᠤᠷᠮᠠᠭ ᠴᠢᠨᠠᠷᠲᠠᠢ ᠮᠠᠭᠤ ᠮᠢᠬᠠᠨ ᠤ ᠪᠦᠲᠦᠭᠡᠭᠳᠡᠬᠦᠨ ᠢ ᠦᠢᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ 5 ᠰᠠᠷ᠎ᠠ ᠶᠢᠨ 21 ᠤ ᠡᠳᠦᠷ᠂ ᠭᠡᠭᠡᠨ ᠭᠤᠣᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠭᠤᠷᠮᠠᠭ ᠮᠠᠭᠤ ᠮᠢᠬᠠᠨ ᠤ ᠪᠦᠲᠦᠭᠡᠭᠳᠡᠬᠦᠨ ᠢ ᠦᠢᠯᠡᠳᠴᠦ ᠪᠣᠷᠣᠯᠠᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠡᠯᠬᠢᠶ᠎ᠡ ᠶᠢ ᠵᠢᠭᠰᠠᠭᠠᠨ ᠪᠠᠶᠢᠴᠠᠭᠠᠬᠤ᠂ ᠣᠯᠠᠨ ᠭᠤᠭᠴᠤᠭ᠎ᠠ ᠶᠢ ᠴᠡᠭᠴᠡᠯᠡᠨ ᠵᠠᠰᠠᠬᠤ᠂ ᠥᠴᠦᠬᠡᠨ ᠴᠦ ᠠᠭᠤᠴᠢᠯᠠᠬᠤ ᠥᠬᠡᠶ ᠬᠠᠤᠯᠢ ᠬᠡᠷᠡᠭᠵᠢᠭᠦᠯᠬᠦ ᠪᠠᠷ ᠳᠠᠮᠵᠢᠨ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠨ᠎ᠠ᠃    ᠠᠵᠢᠯᠯᠠᠭ᠎ᠠ ᠶᠢᠨ ᠳᠤᠮᠳᠠ᠂ ᠭᠡᠭᠡᠨ ᠭᠤᠤᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠮᠢᠬᠠᠨ ᠤ ᠵᠦᠢᠯ ᠤᠨ ᠳᠡᠯᠭᠡᠭᠦᠷᠴᠢᠨ᠂ ᠳᠠᠪᠤᠰᠤᠯᠠᠭᠰᠠᠨ ᠮᠢᠬᠠᠨ ᠤ ᠪᠦᠲᠦᠭᠡᠭᠳᠡᠬᠦᠨ ᠤ ᠳᠡᠯᠭᠡᠭᠦᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠵᠢᠴᠢ ᠲᠠᠯᠠᠪᠤᠷ ᠲᠤ ᠭᠦᠨᠵᠡᠭᠡᠶᠢᠷᠡᠨ᠂ ᠡᠵᠡᠩᠨᠡᠭᠴᠢ ᠶᠢᠨ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ᠂ ᠢᠷᠡᠯᠲᠡ ᠨᠢ ᠲᠣᠳᠣᠷᠬᠠᠶ ᠥᠬᠡᠶ᠂ ᠬᠢᠵᠢᠭ ᠤᠨ ᠪᠠᠶᠢᠴᠠᠭᠠᠯᠲᠠ ᠶᠢᠨ ᠰᠢᠯᠭᠠᠨ ᠪᠠᠶᠢᠴᠠᠭᠠᠯᠲᠠ ᠬᠢᠭᠰᠡᠨ ᠥᠬᠡᠶ᠂ ᠬᠢᠵᠢᠭ ᠤᠨ ᠪᠠᠶᠢᠴᠠᠭᠠᠯᠲᠠ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠵᠢᠴᠢ ᠭᠡᠷᠡᠴᠢ ᠪᠠᠷᠠᠭᠠᠨ ᠤ ᠮᠡᠳᠡᠭᠡ ᠵᠠᠩᠭᠢ ᠨᠢ ᠨᠡᠶᠢᠴᠡᠬᠦ ᠥᠬᠡᠶ ᠲᠦᠭᠦᠬᠡᠶ ᠮᠠᠲ᠋ᠧᠷᠢᠶᠠᠯ ᠤᠨ ᠮᠢᠬ᠎ᠠ ᠶᠢ ᠬᠡᠷᠡᠭᠯᠡᠭᠰᠡᠨ ᠡᠰᠡᠬᠦ᠂ ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠵᠢᠴᠢ ᠢᠯᠵᠠᠷᠠᠯ ᠤᠨ ᠴᠢᠨᠠᠷ ᠨᠢ ᠬᠤᠪᠢᠷᠠᠭᠰᠠᠨ ᠪᠤᠶᠤ ᠰᠡᠷᠡᠯ ᠤᠨ ᠡᠷᠬᠡᠲᠡᠨ ᠤ ᠬᠡᠪ ᠤᠨ ᠪᠤᠰᠤ ᠮᠢᠬ᠎ᠠ ᠵᠢᠴᠢ ᠮᠢᠬᠠᠨ ᠤ ᠪᠦᠲᠦᠭᠡᠭᠳᠡᠬᠦᠨ ᠢ ᠬᠡᠷᠡᠭᠯᠡᠭᠰᠡᠨ ᠡᠰᠡᠬᠦ᠂ ᠬᠠᠤᠯᠢ ᠪᠤᠰᠤ ᠪᠠᠷ ᠳᠤᠲᠠᠭᠤ ᠠᠽᠣᠲ ᠬᠦᠴᠢᠯ ᠤᠨ ᠳᠠᠪᠤᠰᠤ ᠬᠤᠳᠠᠯᠳᠤᠨ ᠠᠪᠴᠤ ᠬᠡᠷᠡᠭᠯᠡᠭᠰᠡᠨ ᠡᠰᠡᠬᠦ᠂ ᠳᠣᠤᠷ᠎ᠠ ᠦᠨ᠎ᠡ ᠲᠠᠢ ᠮᠢᠬᠠᠨ ᠤ ᠪᠦᠲᠦᠭᠡᠭᠳᠡᠬᠦᠨ ᠢᠶᠠᠷ ᠥᠨᠳᠥᠷ ᠦᠨ᠎ᠡ ᠲᠠᠢ ᠮᠢᠬᠠᠨ ᠤ ᠪᠦᠲᠦᠭᠡᠭᠳᠡᠬᠦᠨ ᠢ ᠬᠠᠭᠤᠷᠮᠠᠭᠯᠠᠨ ᠣᠷᠣᠯᠠᠭᠤᠯᠤᠭᠰᠠᠨ ᠡᠰᠡᠬᠦ᠂ ᠮᠢᠬᠠᠨ ᠤ ᠪᠦᠲᠦᠭᠡᠭᠳᠡᠬᠦᠨ ᠢ ᠲᠣᠬᠢᠷᠠᠭᠤᠯᠤᠨ ︽ᠴᠤᠯ ᠮᠢᠬ᠎ᠠ︾ ᠵᠡᠷᠭᠡ ᠪᠤᠰᠤᠳ ᠬᠤᠳᠠᠯ ᠬᠠᠭᠤᠷᠮᠠᠭ ᠶᠠᠭᠤᠮ᠎ᠠ ᠬᠤᠯᠢᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ ᠭᠡᠭᠡᠨ ᠭᠤᠣᠯ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠳᠤ ᠮᠢᠬᠠᠨ ᠤ ᠲᠦᠷᠦᠯ ᠵᠢᠴᠢ ᠮᠢᠬᠠᠨ ᠤ ᠪᠦᠲᠦᠭᠡᠭᠳᠡᠬᠦᠨ ᠢ ᠦᠢᠯᠡᠳᠪᠦᠷᠢᠯᠡᠵᠦ ᠡᠵᠡᠩᠨᠡᠭᠴᠢᠳ ᠲᠤ ᠰᠠᠨᠠᠭᠤᠯᠤᠮᠵᠢ ᠶᠢᠨ ᠪᠢᠴᠢᠭ ᠢ ᠲᠠᠷᠬᠠᠭᠠᠪᠠ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤᠨᠢ ᠬᠠᠮᠢᠶ᠎ᠠ ᠪᠥᠬᠦᠶ ᠡᠵᠡᠩᠨᠡᠭᠴᠢ ᠶᠢ ᠵᠠᠷᠯᠢᠭᠳᠠᠵᠤ ᠳᠠᠷᠦ᠋ᠢᠬᠠᠨ ᠴᠡᠭᠴᠡᠯᠡᠨ ᠰᠠᠶᠢᠵᠢᠷᠠᠭᠤᠯᠪᠠ᠃    ᠳᠠᠷᠠᠭᠠᠴᠢ ᠶᠢᠨ ᠠᠯᠬᠤᠮ ᠳᠤ᠂ ᠭᠡᠭᠡᠨ ᠭᠤᠣᠯ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠭᠤᠣᠯᠳᠠᠯᠭ᠎ᠠ ᠲᠠᠢ ᠣᠷᠣᠨ ᠪᠦᠰᠡ ᠵᠢᠴᠢ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠮᠢᠬᠠᠨ ᠤ ᠪᠦᠲᠦᠭᠡᠭᠳᠡᠬᠦᠨ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠮᠢᠬᠠᠨ ᠤ ᠪᠦᠲᠦᠭᠡᠭᠳᠡᠬᠦᠨ ᠢ ᠪᠠᠶᠢᠩᠭᠤᠵᠢᠭᠤᠯᠤᠨ ᠬᠢᠨᠠᠨ ᠬᠠᠮᠢᠶᠠᠷᠴᠤ᠂ ᠪᠦᠬᠦ ᠬᠤᠳᠠ ᠶᠢᠨ ᠮᠢᠬᠠᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ