5 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠣᠷᠳᠣᠰ ᠬᠤᠳᠠ ᠶᠢᠨ ᠵᠡᠭᠦᠨᠭᠠᠷ | ᠬᠤᠰᠢᠭᠤᠨ ᠳᠤ ᠬᠦᠷᠴᠦ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ | ᠡᠷᠭᠢᠯᠡᠨ ᠬᠤᠷᠠᠯᠳᠤᠭᠤᠯᠵᠤ ᠬᠡᠰᠡᠭ ᠬᠤᠰᠢᠭᠤ ᠰᠢᠶᠠᠨ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | | | | | ᠰᠦᠨ ᠱᠤᠤ ᠴᠧᠩ ᠡᠩ ᠲᠡᠷᠢᠭᠦᠨ ᠳᠤ ᠵᠢᠦ ᠲᠠᠢ ᠰᠢᠨ᠎ᠡ ᠮᠠᠲ᠋ᠧᠷᠢᠶᠠᠯ ᠤᠨ ᠺᠤᠮᠫᠠᠨᠢ ᠳᠤ ᠬᠦᠷᠴᠦ᠂ ᠲᠦᠷᠦᠯ ᠵᠦᠢᠯ ᠤᠨ ᠠᠬᠢᠴᠠ ᠪᠣᠯᠣᠨ ᠦᠢᠯᠡᠳᠬᠦᠨ ᠤ | ᠦᠵᠡᠭᠦᠯᠭᠡ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠠᠵᠤ ᠦᠢᠯᠡᠰ ᠤᠨ ᠭᠦᠨᠵᠡᠭᠡᠢ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠤ᠂ ᠠᠵᠤ ᠠᠬᠤᠶᠢᠯᠠᠯ ᠤᠨ ᠬᠢᠨ ᠢ ᠰᠢᠨ᠎ᠡ ᠶᠢ | ᠡᠭᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢ ᠴᠢᠩᠭ᠎ᠠ ᠠᠳᠬᠤᠵᠤ᠂ ᠨᠡᠭᠦᠷᠡᠰᠦ ᠶᠢ ᠠᠷᠢᠭᠤᠨ | ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠴᠢᠩᠭᠠᠳᠬᠠᠵᠤ᠂ ᠦᠢᠯᠡᠳᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠣᠯᠣᠨ ᠨᠡᠮᠡᠯᠲᠡ | ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠣᠷᠢᠭᠵᠢᠭᠤᠯᠪᠠ᠃ ᠤᠯᠤᠰ ᠤᠨ ᠡᠨᠧᠷᠭᠢ ᠶᠢᠨ ᠵᠡᠭᠦᠨᠭᠠᠷ ᠤᠨ ᠡᠨᠧᠷᠭᠢ ᠶᠢᠨ ᠪᠦᠯᠦᠭᠯᠡᠯ ᠤᠨ | ᠬᠠᠲᠠᠢ ᠭᠤᠣᠯ ᠵᠠᠳᠠᠭᠠᠢ ᠨᠡᠭᠦᠷᠡᠰᠦᠨ ᠠᠭᠤᠷᠬᠠᠢ ᠶᠢᠨ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠵᠢᠯᠤᠭᠤᠳᠬᠤ | ᠲᠥᠪ ᠲᠤ᠂ ᠰᠦᠨ ᠱᠤᠤ ᠴᠧᠩ ᠴᠠᠭ ᠲᠤᠬᠠᠢ ᠳᠤᠨᠢ ᠬᠢᠨᠠᠨ ᠡᠵᠡᠮᠳᠡᠬᠦ ᠵᠢᠷᠤᠭ ᠳᠦᠷᠰᠦ ᠪᠠᠷ ᠳᠠᠮᠵᠢᠨ ᠵᠢᠯᠣᠭᠤᠴᠢ ᠦᠭᠡᠢ ᠠᠴᠢᠶᠠᠨ ᠤ ᠮᠠᠰᠢᠨ ᠤ ᠠᠵᠢᠯᠯᠠᠭᠠᠨ ᠤ | ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠯᠠᠪᠯᠠᠨ ᠠᠰᠠᠭᠤᠪᠠ᠃ ᠰᠦᠨ ᠱᠤᠤ | ᠴᠧᠩ᠂ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠪᠣᠯᠣᠨ ᠲᠦᠷᠦ ᠶᠢᠨ | ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠵᠢᠯᠣᠭᠤᠴᠢ ᠦᠭᠡᠢ ᠠᠴᠢᠶᠠᠨ ᠤ ᠮᠠᠰᠢᠨ ᠲᠡᠷᠭᠡ ᠵᠡᠷᠭᠡ ᠣᠶᠤᠨᠴᠢ ᠲᠣᠨᠣᠭᠯᠠᠯ ᠢ ᠲᠦᠷᠭᠡᠳᠬᠡᠨ ᠳᠡᠯᠭᠡᠷᠡᠭᠦᠯᠵᠦ᠂ | ᠠᠭᠤᠷᠬᠠᠢ ᠶᠢᠨ ᠠᠵᠢᠯ ᠤᠨ ᠠᠶᠤᠯᠭᠦᠢ ᠶᠢᠨ ᠲᠦᠪᠰᠢᠨ ᠪᠣᠯᠣᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠡᠢ᠃ | | | | | ᠲᠤᠰ ᠡᠳᠦᠷ ᠤᠨ ᠦᠳᠡ ᠶᠢᠨ ᠬᠤᠶᠢᠨ᠎ᠠ᠂ ᠰᠦᠨ ᠱᠤᠤ ᠴᠧᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠣᠨ ᠵᠡᠭᠦᠨᠭᠠᠷ ᠬᠤᠰᠢᠭᠤ᠂ ᠬᠥᠨᠳᠡᠯᠡᠨ ᠲᠣᠭᠤᠷᠢᠭ᠂ ᠡᠵᠡᠨ ᠬᠤᠷᠤᠭ᠎ᠠ ᠬᠤᠰᠢᠭᠤ᠂ ᠲᠦᠮᠡᠳ ᠵᠡᠭᠦᠨ | ᠬᠤᠰᠢᠭᠤ᠂ ᠲᠣᠭᠲᠠᠬᠤ ᠰᠢᠶᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠣᠯ ᠬᠠᠷᠢᠭᠤᠴᠠᠯᠭᠠᠲᠠᠨ ᠨᠥᠬᠦᠳ ᠦᠭᠡ ᠬᠡᠯᠡᠪᠡ᠃ ᠰᠦᠨ ᠱᠤᠤ ᠴᠧᠩ | ᠪᠠᠶᠢᠨ ᠪᠠᠶᠢᠨ ᠦᠭᠡ ᠬᠡᠯᠡᠵᠦ᠂ ᠠᠵᠢᠯ ᠲᠦᠷᠦᠯ ᠤᠨ ᠬᠥᠭᠵᠢᠯᠲᠡ ᠶᠢᠨ ᠣᠷᠴᠢᠨ ᠲᠣᠭᠤᠷᠢᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ | ᠠᠵᠤ ᠠᠬᠤᠢ ᠶᠢᠨ ᠬᠥᠭᠵᠢᠯᠲᠡ ᠶᠢᠨ ᠲᠦᠭᠵᠢᠷᠡᠯ᠂ ᠬᠦᠴᠢᠷ ᠢ ᠰᠢᠢᠳᠪᠦᠷᠢᠯᠡᠵᠦ ᠠᠰᠠᠭᠤᠳᠠᠯ ᠢ ᠰᠢᠢᠳᠪᠦᠷᠢᠯᠡᠬᠦ ᠰᠡᠳᠬᠢᠮᠵᠢ ᠵᠡᠷᠭᠡ ᠠᠰᠠᠭᠤᠳᠠᠯ ᠤᠨ ᠲᠤᠬᠠᠢ | ᠤᠯᠠᠨ ᠲᠠᠢ ᠰᠠᠨᠠᠯ ᠢᠶᠠᠨ ᠰᠣᠯᠢᠯᠴᠠᠪᠠ᠃ | ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠬᠠᠷᠠᠯᠲᠠ ᠡᠭᠦᠷᠭᠡ ᠬᠤᠪᠢᠷᠠᠭ᠎ᠠ ᠦᠭᠡᠢ᠂ ᠬᠥᠭᠵᠢᠯᠲᠡ ᠶᠢᠨ ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠴᠦ ᠠᠯᠢ ᠡᠷᠲᠡ ᠲᠣᠳᠣᠷᠬᠠᠢ ᠪᠣᠯᠪᠠ᠂ ᠬᠤᠰᠢᠭᠤ ᠰᠢᠶᠠᠨ ᠤ ᠱᠠᠲᠤᠨ ᠤ ᠬᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ | ᠡᠭᠦᠷᠭᠡ ᠪᠠᠨ ᠪᠠᠲᠤ ᠰᠠᠬᠢᠵᠤ᠂ ᠠᠵᠤ ᠠᠬᠤᠢ ᠶᠢ ᠴᠢᠷᠮᠠᠶᠢᠨ ᠬᠥᠭᠵᠢᠭᠦᠯᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠳᠡᠭᠡᠭᠰᠢᠯᠡᠭᠦᠯᠵᠦ᠂ ᠠᠵᠤ | ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠲᠣᠮᠣ ᠬᠤᠰᠢᠭᠤ ᠲᠣᠮᠣ | ᠰᠢᠶᠠᠨ ᠤ ᠬᠢᠨ ᠭᠤᠣᠯ ᠲᠤᠯᠭᠠᠭᠤᠷᠢ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠬᠤᠰᠢᠭᠤᠴᠢ ᠪᠣᠯᠵᠤ᠂ ᠪᠦᠭᠦ ᠣᠷᠣᠨ ᠤ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ | ᠦᠵᠡᠭᠦᠯᠭᠦ ᠪᠠᠷ ᠴᠢᠷᠮᠠᠶᠢᠬᠤ ᠬᠡᠷᠡᠭᠲᠡᠢ᠃ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠡᠷᠴᠢ ᠵᠣᠷᠢᠭ ᠢᠶᠠᠨ ᠬᠥᠪᠴᠢᠯᠡᠨ ᠪᠣᠳᠠᠲᠠᠢ | ᠠᠳᠬᠤᠵᠤ᠂ ᠠᠵᠤ ᠠᠬᠤᠶᠢᠯᠠᠯ ᠤᠨ ᠡᠷᠭᠢᠯᠲᠡ᠂ ᠲᠥᠷᠥᠯ ᠵᠦᠢᠯ ᠤᠨ ᠠᠵᠢᠯ ᠡᠬᠢᠯᠡᠭᠦᠯᠬᠦ᠂ ᠬᠦᠴᠦᠨ ᠵᠦᠢᠯ ᠤᠨ ᠪᠠᠲᠤᠯᠠᠭ᠎ᠠ ᠵᠡᠷᠭᠡ ᠲᠠᠯ᠎ᠠ ᠪᠠᠷ ᠣᠷᠣᠰᠢᠵᠤ | ᠪᠠᠶᠢᠭ᠎ᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠶᠢᠨ ᠬᠠᠮᠲᠤ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠰᠢᠨ᠎ᠡ ᠨᠡᠮᠡᠭᠳᠡᠯ ᠤᠨ ᠴᠡᠭ ᠢ ᠠᠷᠭ᠎ᠠ | ᠰᠦᠪᠡᠭᠴᠢᠯᠡᠨ ᠪᠤᠶᠢᠵᠢᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠨᠡᠨ ᠪᠣᠳᠠᠲᠠᠢ ᠦᠷ᠎ᠡ ᠪᠦᠲᠦᠭᠡᠯ ᠢᠶᠠᠷ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠦᠭᠰᠡᠨ ᠡᠰᠡᠬᠦ ᠶᠢ ᠰᠢᠯᠭᠠᠨ ᠪᠠᠶᠢᠴᠠᠭᠠᠬᠤ ᠬᠡᠷᠡᠭᠲᠡᠢ᠃ ᠲᠠᠭᠢᠨ ᠳᠠᠪᠲᠠᠨ ᠨᠠᠶᠢᠳᠠᠪᠤᠷᠢᠵᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠤᠰ ᠤᠨ ᠰᠢᠨ᠎ᠡ ᠪᠠᠷ | ᠨᠡᠶᠢᠲᠡᠯᠡᠭᠰᠡᠨ ᠲᠦᠷᠦ ᠶᠢᠨ ᠪᠣᠳᠣᠯᠭ᠎ᠠ ᠶᠢᠨ ᠠᠵᠠ ᠲᠣᠭᠢᠶᠠᠯ ᠢ ᠠᠮᠵᠢᠬᠤ᠂ ᠲᠦᠷᠦᠯ ᠵᠦᠢᠯ ᠢ ᠰᠦᠪᠡᠭᠴᠢᠯᠡᠬᠦ᠂ ᠬᠥᠭᠵᠢᠯᠲᠡ ᠶᠢ ᠠᠬᠢᠭᠤᠯᠬᠤ ᠶᠢ ᠴᠢᠩᠭ᠎ᠠ | ᠠᠩᠬᠠᠷᠬᠤ ᠬᠡᠷᠡᠭᠲᠡᠢ᠃ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠶᠢᠨ ᠬᠠᠮᠲᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠲᠥᠪ ᠤᠨ ᠲᠣᠭᠤᠷᠢᠨ ᠪᠠᠶᠢᠴᠠᠭᠠᠬᠤ ᠳᠤ ᠬᠠᠮᠵᠢᠯᠴᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠡᠯ᠎ᠡ ᠲᠢᠩᠬᠢᠮ ᠲᠣᠪᠴᠢᠶ᠎ᠠ ᠶᠢᠨ ᠬᠢᠨ ᠬᠤᠰᠢᠭᠤ ᠰᠢᠶᠠᠨ ᠬᠤᠲᠠ ᠲᠣᠭᠤᠷᠢᠭ ᠤᠨ ᠬᠥᠭᠵᠢᠯᠲᠡ ᠶᠢ ᠳᠡᠮᠵᠢᠵᠦ᠂ | ᠲᠠᠯᠪᠢᠬᠤ ᠶᠣᠰᠣᠲᠠᠢ ᠡᠷᠬᠡ ᠶᠢ ᠲᠠᠯᠪᠢᠵᠤ᠂ ᠬᠠᠪᠰᠤᠷᠬᠤ ᠶᠣᠰᠣᠲᠠᠢ ᠶᠢ ᠨᠢ ᠪᠣᠳᠠᠲᠠᠶᠢᠵᠢᠭᠤᠯᠤᠨ ᠬᠠᠪᠰᠤᠷᠬᠤ ᠬᠡᠷᠡᠭᠲᠡᠢ᠃ ᠡᠭᠦᠷᠭᠡ ᠬᠦᠴᠢᠷᠳᠡᠯ ᠳᠤ ᠲᠤᠯᠭᠠᠷᠠᠬᠤ | ᠲᠤᠳᠤᠮ ᠺᠠᠳ᠋ᠷᠴᠤᠳ ᠢ ᠰᠢᠯᠭᠠᠬᠤ ᠦᠶ᠎ᠡ ᠬᠦᠷᠴᠦ ᠢᠷᠡᠳᠡᠭ᠂ ᠡᠯ᠎ᠡ ᠱᠠᠲᠤᠨ ᠤ ᠬᠢᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠪᠴᠢ ᠪᠠᠨ | ᠴᠢᠩᠭᠠᠯᠠᠵᠤ᠂ ᠭᠠᠪᠰᠢᠭᠠᠶᠢᠯᠠᠨ ᠤᠷᠤᠭᠰᠢᠯᠠᠬᠤ ᠡᠷᠴᠢ ᠵᠣᠷᠢᠭ ᠢᠶᠠᠷ᠂ ᠬᠠᠷᠢᠭᠤᠴᠠᠯᠭ᠎ᠠ ᠪᠠᠨ ᠴᠢᠩᠭᠠᠳᠬᠠᠵᠤ ᠬᠦᠴᠦ ᠣᠷᠣᠭᠤᠯᠤᠨ᠂ ᠡᠳᠦᠷ ᠢᠶᠠᠷ ᠬᠡᠮᠵᠢᠭᠦᠷ | ᠪᠤᠯᠭᠠᠵᠤ᠂ ᠡᠳᠦᠷ ᠪᠣᠯᠭᠠᠨ ᠰᠠᠶᠢᠲᠤᠷ ᠠᠵᠢᠯᠯᠠᠵᠤ᠂ ᠵᠢᠯ ᠤᠨ ᠳᠤᠮᠳᠠ ᠪᠠ ᠵᠢᠯ ᠤᠨ ᠰᠡᠭᠦᠯᠴᠢ ᠳᠤ ᠲᠡᠭᠦᠰ ᠠᠮᠵᠢᠯᠲᠠᠲᠠᠢ ᠪᠠᠷ ᠳᠠᠩᠰᠠ ᠲᠤᠰᠢᠶᠠᠬᠤ ᠶᠢ ᠪᠠᠲᠤᠯᠠᠬᠤ | ᠬᠡᠷᠡᠭᠲᠡᠢ ᠭᠡᠵᠦ ᠬᠡᠯᠡᠪᠡ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ |