ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠤᠨ | ᠶᠠᠪᠤᠳᠠᠯ ᠤᠨ ᠬᠦᠷᠢᠶᠡᠨ ᠳᠠᠬᠢ ᠲᠤᠬᠠᠶᠢᠯᠠᠭᠰᠠᠨ ᠠᠵᠢᠯ ᠤᠨ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠳᠤ ᠨᠠᠩ ᠰᠠᠶᠢᠲᠤᠷ ᠵᠣᠬᠢᠴᠠᠵᠤ᠂ ᠠᠷᠠᠳ ᠤᠨ ᠶᠠᠪᠤᠳᠠᠯ ᠤᠨ | ᠡᠯ᠎ᠡ ᠬᠦᠷᠢᠶᠡᠨ ᠤ ᠲᠤᠬᠠᠶᠢᠯᠠᠭᠰᠠᠨ ᠠᠵᠢᠯ ᠤᠨ ᠵᠢᠷᠤᠮᠵᠢᠭᠰᠠᠨ᠂ ᠲᠤᠰᠬᠠᠶᠢᠵᠢᠭᠰᠠᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 5 | ᠰᠠᠷ᠎ᠠ ᠶᠢᠨ 16 ᠤ ᠡᠳᠦᠷ᠂ ᠮᠠᠨ ᠤ ᠬᠤᠲᠠ ᠠᠷᠠᠳ ᠤᠨ ᠶᠠᠪᠤᠳᠠᠯ ᠤᠨ ᠬᠦᠷᠢᠶᠡᠨ ᠳᠠᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ | ᠬᠤᠷᠠᠯᠳᠤᠭᠤᠯᠪᠠ᠃ | ᠬᠤᠷᠠᠯ ᠳᠡᠭᠡᠷ᠎ᠡ᠂ ᠳᠡᠭᠡᠳᠦ ᠱᠠᠲᠤᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠮᠢᠶ᠎ᠠ ᠪᠥᠬᠦᠶ ᠠᠵᠢᠯ ᠤᠨ ᠠᠬᠢᠴᠠ ᠶᠢᠨ ᠪᠠᠶᠢᠳᠠᠯ ᠢ | ᠮᠡᠳᠡᠭᠳᠡᠪᠡ᠃ | ᠪᠣᠯᠪᠠᠰᠤᠷᠠᠯ ᠤᠨ ᠬᠤᠷᠠᠯ ᠳᠡᠭᠡᠷ᠎ᠡ᠂ ᠠᠵᠢᠯ ᠦᠢᠯᠡᠰ ᠢ ᠬᠥᠭᠵᠢᠭᠦᠯᠬᠦ ᠬᠡᠷᠡᠭᠲᠡᠢ᠂ ᠡᠩᠨᠡᠭᠡ ᠪᠣᠯ ᠦᠨᠳᠦᠰᠦ᠂ ᠲᠤᠬᠠᠶᠢᠯᠠᠭᠰᠠᠨ ᠠᠵᠢᠯ ᠪᠣᠯ ᠵᠠᠩᠭᠢᠯᠠᠭ᠎ᠠ | ᠪᠣᠯᠤᠨ᠎ᠠ᠃ ᠰᠤᠷᠤᠯᠴᠠᠯᠭ᠎ᠠ ᠶᠢᠨ ᠤᠬᠠᠮᠰᠠᠷᠲᠤ ᠴᠢᠨᠠᠷ ᠢᠶᠠᠨ ᠴᠢᠩᠭᠠᠳᠬᠠᠵᠤ᠂ ᠢᠯᠡᠭᠦᠬᠡᠨ ᠪᠣᠳᠣᠯᠬᠢᠯᠠᠵᠤ᠂ ᠢᠯᠡᠭᠦᠬᠡᠨ ᠰᠣᠯᠢᠯᠴᠠᠵᠤ᠂ ᠡᠩ ᠤᠨ ᠦᠶ᠎ᠡ ᠶᠢᠨ | ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠲᠠᠢ ᠤᠶᠠᠯᠳᠤᠭᠤᠯᠤᠨ ᠰᠤᠷᠤᠯᠴᠠᠵᠤ᠂ ᠥᠪᠡᠷ ᠤᠨ ᠠᠷᠠᠳ ᠤᠨ ᠶᠠᠪᠤᠳᠠᠯ ᠤᠨ ᠲᠦᠷᠦ ᠶᠢᠨ ᠪᠤᠳᠤᠯᠭ᠎ᠠ ᠶᠢᠨ ᠬᠢᠷᠢ | ᠲᠦᠪᠰᠢᠨ ᠪᠣᠯᠤᠨ ᠠᠵᠢᠯ ᠤᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠦᠨᠡᠨᠬᠦ ᠰᠤᠷᠤᠯᠴᠠᠬᠤ᠂ ᠦᠨᠡᠨᠬᠦ ᠣᠶᠢᠯᠠᠭᠠᠬᠤ᠂ ᠦᠨᠡᠨᠬᠦ ᠬᠡᠷᠡᠭᠯᠡᠬᠦ ᠶᠢ ᠪᠡᠶᠡᠯᠡᠭᠦᠯᠵᠦ᠂ | ᠮᠠᠨ ᠤ ᠬᠤᠳᠠ ᠶᠢᠨ ᠠᠷᠠᠳ ᠤᠨ ᠵᠠᠰᠠᠭ ᠤᠨ ᠶᠠᠪᠤᠳᠠᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ | ᠬᠡᠷᠡᠭᠲᠡᠢ᠃ | ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ ᠬᠡᠤᠬᠡᠳ ᠤᠨ ᠠᠰᠠᠷᠠᠮᠵᠢ᠂ ᠥᠨᠳᠥᠷ ᠨᠠᠰᠤᠨ ᠤ | ᠨᠡᠮᠡᠭᠦᠷᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠲᠠᠯ᠎ᠠ ᠪᠠᠷ ᠲᠠᠰ ᠳᠠᠷᠠᠭᠠᠯᠠᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠪᠠ᠃ |