︵2024 ᠣᠨ ᠤ 9 ᠰᠠᠷ᠎ᠠ ᠶᠢᠨ 21 ᠤ ᠡᠳᠦᠷ︶ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ | ᠠᠬᠤᠶᠢᠯᠠᠯ ᠤᠨ ᠳᠦᠷᠢᠮ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ | ᠳᠤᠮᠳᠠᠳᠤ ᠤᠯᠤᠰ ᠤᠨ ᠣᠨᠴᠠᠯᠢᠭ ᠪᠦᠬᠦᠢ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ | ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠨᠡᠶᠢᠭᠡᠮ | ᠵᠢᠷᠤᠮ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠪᠠᠷ ᠦᠨᠳᠦᠰᠦ ᠪᠤᠯᠭᠠᠵᠤ᠂ ᠥᠮᠴᠢᠯᠡᠯ ᠤᠨ ᠡᠷᠬᠡ ᠲᠣᠳᠣᠷᠬᠠᠢ᠂ ᠡᠷᠬᠡ | ᠬᠠᠷᠢᠭᠤᠴᠠᠯᠭ᠎ᠠ ᠲᠣᠳᠣᠷᠬᠠᠢ᠂ ᠵᠠᠰᠠᠭ ᠤᠨ ᠣᠷᠳᠣᠨ ᠠᠵᠤ ᠠᠬᠤᠶᠢᠯᠠᠯ ᠢ ᠰᠠᠯᠭᠠᠬᠤ᠂ ᠬᠠᠮᠢᠶᠠᠷᠤᠯᠲᠠ ᠰᠢᠨᠵᠢᠯᠡᠬᠦ ᠤᠬᠠᠭᠠᠨᠴᠢ ᠪᠠᠶᠢᠬᠤ ᠪᠠᠷ ᠰᠠᠭᠤᠷᠢ ᠪᠤᠯᠭᠠᠵᠤ᠂ | ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠤᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠵᠤ᠂ | ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠩ ᠤᠯᠠᠨ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠠᠵᠢᠯ ᠤᠨ ᠳᠤᠮᠳᠠ ᠪᠠᠨ ᠳᠣᠣᠷᠠᠬᠢ ᠵᠦᠢᠯ ᠢ ᠪᠡᠶᠡᠯᠡᠭᠦᠯᠬᠦ ᠬᠡᠷᠡᠭᠲᠡᠢ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠱᠤᠭᠤᠮ | ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯ ᠤᠨ ᠪᠦᠲᠦᠮᠵᠢᠲᠡᠢ | ᠪᠦᠷᠬᠦᠴᠡ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ︽ | ᠣᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ | ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠬᠥᠳᠡᠯᠭᠡᠬᠦ ᠬᠦᠴᠦᠨ ᠪᠠ | ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠳᠦᠷᠢᠮ ᠤᠨ ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠂ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠺᠤᠮᠫᠠᠨᠢ ᠶᠢ ᠵᠠᠰᠠᠬᠤ ᠪᠦᠲᠦᠴᠡ ᠪᠣᠯᠣᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠪᠠᠶᠢᠳᠠᠯ ᠤᠨ | ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠠᠵᠤ ᠠᠬᠤᠶᠢᠯᠠᠯ ᠢ ᠳᠡᠮᠵᠢᠬᠦ ᠪᠠ ᠬᠥᠲᠥᠯᠥᠨ | ᠵᠢᠯᠤᠭᠤᠳᠴᠤ ᠪᠠᠶᠢᠭᠠᠳ ᠡᠬᠢ ᠪᠠᠶᠠᠯᠢᠭ ᠬᠦᠴᠦᠨ ᠵᠦᠢᠯ ᠤᠨ ᠠᠰᠢᠭᠯᠠᠯᠲᠠ ᠶᠢᠨ ᠦᠷ᠎ᠡ ᠪᠦᠲᠦᠮᠵᠢ ᠪᠣᠯᠣᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠲᠥᠷᠥᠯ ᠬᠤᠪᠢᠶᠠᠨ ᠬᠥᠲᠥᠯᠥᠨ ᠵᠢᠯᠤᠭᠤᠳᠬᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠠᠵᠤ | ᠠᠬᠤᠶᠢᠯᠠᠯ ᠤᠨ ᠬᠡᠪᠴᠢᠶ᠎ᠡ᠂ ᠬᠥᠭᠵᠢᠯᠲᠡ ᠶᠢᠨ ᠱᠠᠲᠤ ᠦᠶ᠎ᠡ᠂ ᠥᠮᠴᠢᠯᠡᠯ ᠤᠨ ᠳᠦᠷᠢᠮ ᠤᠨ ᠰᠢᠨᠵᠢ ᠴᠢᠨᠠᠷ ᠵᠡᠷᠭᠡ ᠶᠢ ᠦᠨᠳᠦᠰᠦᠯᠡᠨ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠵᠦ᠂ ᠨᠠᠩ ᠠᠮᠢᠵᠢᠷᠠᠯ ᠤᠨ ᠬᠦᠴᠦᠨ ᠲᠠᠢ᠂ ᠨᠠᠩ ᠤᠶᠠᠨ ᠬᠠᠲᠠᠨ ᠴᠢᠨᠠᠷᠲᠠᠢ᠂ ᠨᠠᠩ ᠥᠷᠢᠰᠦᠯᠳᠦᠬᠦ ᠬᠦᠴᠦᠨ ᠲᠠᠢ ᠣᠲᠣ ᠦᠶ᠎ᠡ ᠶᠢᠨ | ᠠᠵᠤ ᠠᠬᠤᠶᠢᠯᠠᠯ ᠢ ᠪᠤᠶᠢᠵᠢᠭᠤᠯᠬᠤ ᠬᠡᠷᠡᠭᠲᠡᠢ᠃ | ᠭᠤᠣᠯ ᠬᠠᠷᠠᠯᠲᠠ᠄ 5 ᠵᠢᠯ ᠰᠢᠬᠠᠮ ᠤᠨ ᠬᠤᠭᠤᠴᠠᠭᠠᠨ ᠳᠤ᠂ ᠨᠥᠬᠦᠴᠡᠯ ᠪᠦᠷᠢᠯᠳᠦᠭᠦᠯᠦᠭᠰᠡᠨ ᠠᠵᠤ ᠠᠬᠤᠶᠢᠯᠠᠯ ᠤᠨ ᠤᠯᠤᠰ ᠤᠨ ᠪᠠᠶᠢᠳᠠᠯ ᠳᠤ ᠨᠡᠶᠢᠴᠡᠭᠰᠡᠨ᠂ | ᠪᠣᠳᠠᠲᠠᠢ ᠳᠤ ᠨᠡᠶᠢᠴᠡᠭᠰᠡᠨ᠂ ᠬᠥᠭᠵᠢᠯᠲᠡ ᠶᠢᠨ ᠬᠡᠷᠡᠭᠴᠡᠭᠡ ᠶᠢ ᠬᠠᠩᠭᠠᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ | ᠳᠦᠷᠢᠮ ᠢ ᠨᠡᠶᠢᠳᠡᠮ ᠲᠣᠭᠲᠠᠭᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ | ᠪᠦᠲᠦᠴᠡ ᠶᠢ ᠨᠡᠩ ᠪᠦᠷᠢᠨᠰᠢᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠨᠡᠩ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ | ᠬᠠᠮᠢᠶᠠᠷᠤᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠤᠨ | ᠲᠡᠰ ᠳᠡᠪᠰᠢᠬᠦ ᠶᠢ ᠲᠤᠯᠭᠠᠭᠤᠷᠢᠯᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ 2035 ᠣᠨ | ᠪᠤᠯᠬᠤ ᠳᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠨᠡᠩ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ | ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ | ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠬᠤᠶᠠᠷ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ | ︵ᠨᠢᠭᠡ︶ ᠨᠠᠮ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠤᠳᠤᠷᠢᠳᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠴᠢᠬᠤᠯᠠ ᠶᠡᠭᠡ ᠵᠦᠢᠯ ᠢ ᠶᠠᠷᠢᠯᠴᠠᠨ ᠲᠣᠭᠲᠠᠭᠠᠬᠤ ᠵᠠᠭᠠᠭ ᠬᠢᠵᠠᠭᠠᠷ ᠢ ᠲᠣᠳᠣᠷᠬᠠᠶᠢᠯᠠᠵᠤ᠂ ᠤᠷᠢᠳᠠᠴᠢ ᠰᠤᠳᠤᠯᠤᠨ | ᠶᠠᠷᠢᠯᠴᠠᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠠᠮ ᠠᠴᠠ ᠺᠠᠳ᠋ᠷ ᠢ ᠬᠠᠮᠢᠶᠠᠷᠬᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ | ᠵᠠᠷᠴᠢᠮ ᠢ ᠪᠠᠷᠢᠮᠲᠠᠯᠠᠬᠤ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠪᠦᠲᠦᠮᠵᠢᠲᠡᠢ ᠬᠡᠪ ᠵᠠᠭᠪᠤᠷ ᠢ | ᠬᠠᠶᠢᠨ ᠰᠦᠪᠡᠭᠴᠢᠯᠡᠨ᠎ᠡ᠃ | ︵ᠬᠤᠶᠠᠷ︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠠᠵᠤ | ᠠᠬᠤᠶᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠶᠢ ᠬᠥᠲᠥᠯᠥᠨ ᠵᠢᠯᠤᠭᠤᠳᠬᠤ ᠪᠠ ᠬᠢᠨᠠᠯᠲᠠ ᠲᠠᠯᠪᠢᠵᠤ᠂ ᠡᠯ᠎ᠡ ᠲᠠᠯ᠎ᠠ ᠶᠢᠨ ᠬᠢᠨ ᠤ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠠᠪᠬᠤᠷᠭ᠎ᠠ ᠶᠢᠨ ᠬᠠᠮᠲᠤ ᠪᠠᠷ ᠰᠤᠷᠤᠯᠴᠠᠬᠤ᠂ ᠣᠯᠣᠯᠴᠠᠨ | ᠵᠥᠪᠳᠡᠯᠴᠡᠬᠦ ᠪᠠ ᠦᠨᠡᠨᠴᠢ ᠪᠠᠷ ᠶᠠᠷᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠭᠤᠷᠪᠠ᠂ ᠺᠤᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠎ᠡ | ︵ᠭᠤᠷᠪᠠ︶ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢᠨ ᠪᠦᠲᠦᠴᠡ ᠶᠢ ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠤ ᠡᠳ᠋ ᠬᠥᠷᠥᠩᠭᠡ ᠶᠢᠨ ᠡᠷᠬᠡ ᠶᠢ ᠭᠦᠨᠳᠦᠳᠭᠡᠵᠦ᠂ ᠬᠠᠷᠢᠶᠠᠯᠠᠯ ᠨᠢ ᠲᠣᠳᠣᠷᠬᠠᠢ᠂ ᠪᠦᠲᠦᠴᠡ ᠨᠢ ᠵᠦᠢ ᠵᠣᠬᠢᠰᠲᠠᠢ᠂ ᠡᠷᠭᠢᠯᠲᠡ ᠨᠢ | ᠤᠷᠤᠭᠰᠢᠲᠠᠢ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢᠨ ᠳᠦᠷᠢᠮ ᠢ ᠪᠤᠢ ᠪᠣᠯᠭᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠴᠢᠳᠠᠮᠵᠢ ᠶᠢᠨ | ᠪᠠᠶᠢᠷᠢ ᠲᠣᠭᠲᠠᠭᠠᠯᠲᠠ ᠪᠠᠨ ᠦᠨᠳᠦᠰᠦᠯᠡᠨ ᠰᠲ᠋ᠣᠺ ᠤᠨ ᠡᠷᠬᠡ ᠶᠢᠨ ᠪᠦᠲᠦᠴᠡ ᠪᠠᠨ ᠠᠯᠬᠤᠮ ᠠᠯᠬᠤᠮ ᠢᠶᠠᠷ ᠲᠣᠬᠢᠷᠠᠭᠤᠯᠤᠨ ᠰᠢᠯᠢᠳᠡᠭᠵᠢᠭᠦᠯᠵᠦ᠂ ᠰᠲ᠋ᠣᠺ ᠤᠨ | ᠡᠷᠬᠡ ᠶᠢᠨ ᠪᠦᠲᠦᠴᠡ ᠨᠢ ᠤᠯᠠᠨ ᠡᠰᠢᠵᠢᠭᠰᠡᠨ᠂ ᠬᠤᠪᠢ ᠣᠷᠣᠭᠤᠯᠤᠭᠴᠢ ᠶᠢᠨ ᠦᠢᠯᠡ ᠠᠵᠢᠯᠯᠠᠭ᠎ᠠ ᠨᠢ ᠵᠢᠷᠤᠮᠵᠢᠬᠰᠠᠨ᠂ ᠳᠣᠲᠣᠭᠠᠳᠤ ᠶᠢᠨ ᠬᠢᠵᠠᠭᠠᠷᠯᠠᠯ ᠨᠢ | ᠪᠦᠲᠦᠮᠵᠢᠲᠡᠢ᠂ ᠡᠷᠭᠢᠯᠲᠡ ᠨᠢ ᠥᠨᠳᠥᠷ ᠪᠦᠲᠦᠮᠵᠢᠲᠡᠢ ᠪᠥᠭᠡᠳ ᠠᠮᠢᠳᠤᠯᠢᠭ ᠪᠠᠶᠢᠬᠤ ᠡᠵᠡᠩᠨᠡᠯᠲᠡ ᠶᠢᠨ ᠲᠣᠭᠲᠠᠴᠠ ᠶᠢ ᠪᠤᠢ ᠪᠣᠯᠭᠠᠨ᠎ᠠ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠳᠥᠭᠦᠮ ᠳᠥᠲᠡ᠂ ᠲᠣᠳᠣᠷᠬᠠᠢ᠂ ᠬᠠᠷᠢᠯᠴᠠᠨ ᠨᠡᠪᠲᠡᠷᠡᠵᠦ ᠪᠤᠯᠬᠤ ᠰᠲ᠋ᠣᠺ ᠤᠨ ᠡᠷᠬᠡ ᠶᠢᠨ ᠪᠦᠲᠦᠴᠡ ᠪᠠᠶᠢᠭᠤᠯᠬᠤ ᠶᠢ | ᠵᠣᠷᠢᠭᠵᠢᠭᠤᠯᠤᠨ᠎ᠠ᠃ | ︵ᠳᠥᠷᠪᠡ︶ ᠤᠯᠤᠰ ᠤᠨ ᠥᠮᠴᠢᠯᠠᠯ ᠤᠨ ᠠᠵᠤ ᠠᠬᠤᠶᠢᠯᠠᠯ ᠤᠨ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠦᠨ᠎ᠡ᠃ ᠡᠷᠬᠡ ᠬᠠᠷᠢᠭᠤᠴᠠᠯᠭ᠎ᠠ ᠶᠢ ᠬᠠᠤᠯᠢ ᠪᠠᠷ | ᠲᠣᠭᠲᠠᠭᠠᠬᠤ᠂ ᠡᠷᠬᠡ ᠬᠠᠷᠢᠭᠤᠴᠠᠯᠭ᠎ᠠ ᠶᠢ ᠢᠯᠡ ᠲᠣᠳᠣ ᠪᠠᠶᠢᠯᠭᠠᠬᠤ᠂ ᠵᠣᠬᠢᠴᠠᠩᠭᠤᠢ ᠪᠠᠷ ᠠᠵᠢᠯᠯᠠᠬᠤ᠂ ᠪᠦᠲᠦᠮᠵᠢᠲᠡᠢ ᠪᠠᠷ ᠬᠠᠷᠢᠯᠴᠠᠨ ᠬᠢᠵᠠᠭᠠᠷᠯᠠᠬᠤ ᠺᠤᠮᠫᠠᠨᠢ ᠶᠢ | ᠵᠠᠰᠠᠬᠤ ᠲᠣᠭᠲᠠᠴᠠ ᠶᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ᠂ ᠺᠤᠮᠫᠠᠨᠢ ᠶᠢᠨ ᠵᠠᠰᠠᠯᠲᠠ ᠳᠠᠬᠢ ᠳᠦᠷᠢᠮ ᠲᠣᠭᠲᠠᠭᠠᠯ ᠤᠨ ᠰᠠᠭᠤᠷᠢ ᠪᠤᠯᠬᠤ ᠦᠢᠯᠡᠳᠦᠯ ᠢ | ᠴᠢᠩᠭᠠᠳᠬᠠᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ | ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠦᠢᠯᠡᠳᠦᠯ ᠢᠶᠠᠨ ᠪᠠᠳᠠᠷᠠᠭᠤᠯᠤᠨ᠎ᠠ᠃ ᠬᠤᠪᠢ ᠣᠷᠣᠭᠤᠯᠤᠭᠴᠢᠳ ᠤᠨ ᠵᠥᠪᠯᠡᠯ ᠪᠣᠯ ᠺᠤᠮᠫᠠᠨᠢ ᠶᠢᠨ ᠡᠷᠬᠡᠲᠦ | ᠪᠠᠶᠢᠭᠤᠯᠤᠮᠵᠢ ᠮᠥᠨ᠂ ᠬᠤᠪᠢ ᠣᠷᠣᠭᠤᠯᠤᠭᠴᠢ ᠪᠡᠯᠡ ᠭᠠᠷᠭᠠᠭᠰᠠᠨ ᠬᠠᠷᠢᠴᠠᠯ ᠪᠠ ᠳᠦᠷᠢᠮ ᠤᠨ ᠶᠣᠰᠣᠭᠠᠷ ᠪᠠᠲᠤᠯᠠᠯᠲᠠ ᠬᠢᠬᠦ ᠡᠷᠬᠡ ᠪᠠᠨ ᠬᠡᠷᠡᠭᠵᠢᠭᠦᠯᠵᠦ᠂ | ᠳᠦᠷᠢᠮ ᠤᠨ ᠲᠣᠭᠲᠠᠭᠠᠯ ᠠᠴᠠ ᠬᠡᠲᠦᠷᠡᠭᠦᠯᠦᠨ ᠠᠵᠤ ᠠᠬᠤᠶᠢᠯᠠᠯ ᠤᠨ ᠡᠳᠦᠷ ᠲᠤᠳᠤᠮ ᠤᠨ ᠡᠵᠡᠩᠨᠡᠯᠲᠡ ᠳᠤ ᠭᠠᠷ ᠲᠦᠷᠦᠵᠤ ᠪᠤᠯᠬᠤ ᠦᠭᠡᠢ᠃ ᠬᠡᠷᠡᠭ | ᠮᠡᠳᠡᠭᠴᠢᠳ ᠤᠨ ᠵᠥᠪᠯᠡᠯ ᠨᠢ ᠪᠠᠶᠢᠯᠳᠤᠬᠤ ᠪᠣᠳᠣᠯᠭ᠎ᠠ ᠲᠣᠭᠲᠠᠭᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠭᠰᠢᠭᠦᠷᠢ ᠶᠢ ᠰᠡᠷᠭᠡᠶᠢᠯᠡᠬᠦ ᠦᠢᠯᠡᠳᠦᠯ ᠢᠶᠠᠨ | ᠪᠠᠳᠠᠷᠠᠭᠤᠯᠵᠤ᠂ ᠪᠦᠯᠦᠭᠯᠡᠯ ᠤᠨ ᠶᠡᠷᠦᠩᠬᠡᠢ ᠬᠡᠯᠲᠡᠰ ᠤᠨ ᠡᠷᠬᠡ ᠣᠯᠭᠤᠬᠤ ᠡᠷᠬᠡ ᠶᠢ ᠳᠣᠷᠣᠭᠰᠢ ᠪᠠᠭᠤᠯᠭᠠᠬᠤ ᠬᠢᠭᠡᠳ ᠬᠤᠪᠢᠶᠠᠷᠢ ᠠᠵᠤ ᠠᠬᠤᠶᠢᠯᠠᠯ ᠤᠨ ᠬᠡᠷᠡᠭ | ᠮᠡᠳᠡᠭᠴᠢᠳ ᠤᠨ ᠵᠥᠪᠯᠡᠯ ᠤᠨ ᠡᠷᠬᠡ ᠲᠤᠰᠢᠶᠠᠯ ᠢ ᠪᠦᠯᠦᠭ ᠲᠥᠷᠥᠯ ᠬᠤᠪᠢᠶᠠᠨ ᠨᠠᠶᠢᠳᠠᠪᠤᠷᠢᠵᠢᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠬᠡᠷᠡᠭ | ᠮᠡᠳᠡᠭᠴᠢᠳ ᠤᠨ ᠵᠥᠪᠯᠡᠯ ᠠᠴᠠ ᠳᠠᠭᠠᠭᠠᠮᠠᠯ ᠤᠨ ᠳᠠᠪᠬᠤᠷᠭ᠎ᠠ ᠳᠤ ᠡᠷᠬᠡ ᠣᠯᠭᠤᠬᠤ ᠳᠦᠷᠢᠮ ᠢ ᠵᠢᠷᠤᠮᠵᠢᠭᠤᠯᠤᠨ ᠨᠠᠶᠢᠳᠠᠪᠤᠷᠢᠵᠢᠭᠤᠯᠤᠨ᠎ᠠ᠃ ᠭᠠᠳᠠᠨᠠᠬᠢ ᠬᠡᠷᠡᠭ | ᠮᠡᠳᠡᠭᠴᠢ ᠶᠢ ᠦᠨᠡᠯᠡᠬᠦ ᠪᠠ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠠᠳᠠᠨᠠᠬᠢ ᠬᠡᠷᠡᠭ ᠮᠡᠳᠡᠭᠴᠢ ᠶᠢᠨ ᠪᠠᠶᠢᠳᠠᠯ ᠢ ᠮᠡᠳᠡᠬᠦ ᠡᠷᠬᠡ᠂ | ᠪᠠᠲᠤᠯᠠᠯᠲᠠ ᠬᠢᠬᠦ ᠡᠷᠬᠡ᠂ ᠬᠢᠨᠠᠯᠲᠠ ᠲᠠᠯᠪᠢᠬᠤ ᠡᠷᠬᠡ᠂ ᠰᠠᠨᠠᠭᠤᠯᠭ᠎ᠠ ᠳᠤᠷᠠᠳᠬᠤ ᠡᠷᠬᠡ ᠶᠢ ᠨᠠᠶᠢᠳᠠᠪᠤᠷᠢᠵᠢᠭᠤᠯᠤᠨ᠎ᠠ᠃ ᠳᠠᠭᠠᠭᠠᠮᠠᠯ ᠤᠨ ᠳᠠᠪᠬᠤᠷᠭ᠎ᠠ ᠨᠢ ᠡᠵᠡᠩᠨᠡᠯᠲᠡ | ᠬᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠠᠮᠢᠶᠠᠷᠤᠯᠲᠠ ᠪᠠᠨ ᠴᠢᠩᠭᠠᠳᠬᠠᠬᠤ ᠦᠢᠯᠡᠳᠦᠯ ᠢᠶᠠᠨ ᠪᠠᠳᠠᠷᠠᠭᠤᠯᠵᠤ᠂ ᠲᠤᠰᠢᠶᠠᠯ ᠡᠭᠦᠷᠭᠡᠯᠡᠬᠦ ᠬᠤᠭᠤᠴᠠᠭᠠᠨ ᠤ | ᠳᠦᠷᠢᠮ ᠪᠠ ᠭᠡᠷᠡᠲᠦ ᠬᠠᠮᠢᠶᠠᠷᠤᠯᠲᠠ ᠶᠢ ᠪᠦᠭᠦ ᠲᠠᠯ᠎ᠠ ᠪᠠᠷ ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ | ᠳᠠᠭᠠᠭᠠᠮᠠᠯ ᠤᠨ ᠳᠠᠪᠬᠤᠷᠭ᠎ᠠ ᠶᠢᠨ ᠪᠦᠷᠢᠯᠳᠦᠭᠦᠨ ᠤ ᠲᠤᠰᠢᠶᠠᠯ ᠡᠭᠦᠷᠭᠡᠯᠡᠬᠦ ᠬᠤᠭᠤᠴᠠᠭᠠᠨ ᠤ ᠳᠦᠷᠢᠮ ᠪᠠ ᠭᠡᠷᠡᠲᠦ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ | ᠯᠠᠪᠯᠠᠯᠲᠠ ᠪᠤᠯᠭᠠᠵᠤ᠂ ᠬᠠᠮᠢᠶᠠᠷᠤᠯᠲᠠ ᠶᠢᠨ ᠠᠵᠢᠯᠲᠠᠨ ᠤ ᠡᠵᠡᠩᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠡᠩ ᠶᠡᠭᠡ ᠬᠡᠪᠴᠢᠶ᠎ᠡ ᠪᠠᠷ᠂ ᠲᠡᠰ ᠳᠠᠪᠬᠤᠷᠭ᠎ᠠ | ᠬᠤᠪᠢᠶᠠᠨ ᠲᠦᠷᠦᠯ ᠬᠤᠪᠢᠶᠠᠨ ᠨᠠᠶᠢᠳᠠᠪᠤᠷᠢᠵᠢᠭᠤᠯᠤᠨ᠎ᠠ᠃ | ︵ᠲᠠᠪᠤ︶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠠᠴᠠ ᠵᠠᠰᠠᠬᠤ ᠪᠦᠲᠦᠴᠡ ᠶᠢ ᠰᠢᠯᠢᠳᠡᠭᠵᠢᠭᠦᠯᠬᠦ ᠶᠢ ᠳᠡᠮᠵᠢᠨ᠎ᠡ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠷᠰᠢᠬᠤ ᠳᠦᠷᠢᠮ᠂ ᠺᠤᠮᠫᠠᠨᠢ ᠶᠢᠨ ᠳᠦᠷᠢᠮ ᠵᠡᠷᠭᠡ ᠤᠯᠠᠨ | ᠵᠦᠢᠯ ᠤᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠮᠠᠶ᠋ᠢᠭ ᠠᠪᠬᠤ ᠶᠢ ᠵᠣᠷᠢᠭᠵᠢᠭᠤᠯᠤᠨ᠂ ᠳᠣᠲᠣᠭᠠᠳᠤ ᠵᠠᠰᠠᠯᠲᠠ ᠶᠢᠨ ᠳᠦᠷᠢᠮ ᠢᠶᠠᠨ ᠲᠡᠭᠦᠯᠳᠡᠷᠵᠢᠭᠦᠯᠦᠨ᠂ | ᠵᠢᠷᠤᠮᠵᠢᠬᠰᠠᠨ ᠳᠦᠷᠢᠮ ᠲᠣᠭᠲᠠᠭᠠᠵᠤ᠂ ᠳᠦᠷᠢᠮ ᠬᠢᠭᠡᠳ ᠪᠡᠯᠡ ᠭᠠᠷᠭᠠᠬᠤ ᠵᠥᠪᠯᠡᠯᠴᠡᠭᠡᠷ ᠤᠨ ᠨᠢᠭᠡᠳᠦᠯᠲᠦ ᠴᠢᠨᠠᠷ ᠢ ᠪᠠᠲᠤᠯᠠᠨ᠂ ᠬᠤᠪᠢ ᠡᠵᠡᠮᠳᠡᠬᠦ ᠬᠤᠪᠢ | ᠣᠷᠣᠭᠤᠯᠤᠭᠴᠢ᠂ ᠪᠣᠳᠠᠲᠠᠢ ᠡᠵᠡᠮᠳᠡᠭᠴᠢ ᠶᠢᠨ ᠥᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠰᠠᠯᠲᠠ ᠶᠢᠨ | ᠪᠦᠲᠦᠴᠡ ᠪᠠ ᠬᠠᠮᠢᠶᠠᠷᠤᠯᠲᠠ ᠶᠢᠨ ᠳᠦᠷᠢᠮ ᠢᠶᠠᠨ ᠲᠡᠭᠦᠯᠳᠡᠷᠵᠢᠭᠦᠯᠬᠦ ᠶᠢ ᠳᠡᠮᠵᠢᠨ ᠵᠢᠯᠤᠭᠤᠳᠴᠤ᠂ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠤᠪᠢ ᠣᠷᠣᠭᠤᠯᠤᠭᠴᠢᠳ ᠤᠨ ᠵᠥᠪᠯᠡᠯ᠂ ᠬᠡᠷᠡᠭ ᠮᠡᠳᠡᠭᠴᠢᠳ ᠤᠨ ᠵᠥᠪᠯᠡᠯ᠂ ᠳᠠᠭᠠᠭᠠᠮᠠᠯ ᠤᠨ ᠳᠠᠪᠬᠤᠷᠭ᠎ᠠ ᠪᠠᠨ ᠵᠢᠷᠤᠮᠵᠢᠭᠤᠯᠤᠨ ᠵᠣᠬᠢᠶᠠᠨ | ᠪᠠᠶᠢᠭᠤᠯᠬᠤ ᠶᠢ ᠵᠣᠷᠢᠭᠵᠢᠭᠤᠯᠤᠨ᠎ᠠ᠃ ᠲᠥᠷᠥᠯ ᠤᠭᠰᠠᠭ᠎ᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠵᠠᠭᠪᠤᠷ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ | ᠠᠵᠤ ᠠᠬᠤᠶᠢᠯᠠᠯ ᠤᠨ ᠰᠣᠶᠣᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠠᠯᠬᠤᠮ ᠠᠯᠬᠤᠮ ᠢᠶᠠᠷ | ᠪᠠᠶᠢᠭᠤᠯᠤᠨ᠎ᠠ᠃ | ︵ᠵᠢᠷᠭᠤᠭ᠎ᠠ︶ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠳᠤ ᠦᠵᠡᠭᠦᠯᠭᠦ ᠬᠥᠷᠥᠩᠭᠡ ᠶᠢᠨ ᠵᠠᠬ᠎ᠠ ᠳᠡᠯᠭᠡᠭᠦᠷ ᠤᠨ ᠠᠬᠢᠭᠤᠯᠬᠤ ᠦᠢᠯᠡᠳᠦᠯ ᠢ | ᠪᠠᠳᠠᠷᠠᠭᠤᠯᠤᠨ᠎ᠠ᠃ ᠬᠤᠪᠢ ᠡᠵᠡᠮᠳᠡᠬᠦ ᠬᠤᠪᠢ ᠣᠷᠣᠭᠤᠯᠤᠭᠴᠢ ᠶᠢᠨ ᠺᠤᠮᠫᠠᠨᠢ ᠳᠠᠬᠢ ᠦᠨᠡᠨᠴᠢ ᠢᠲᠡᠭᠡᠮᠵᠢ ᠶᠢᠨ ᠡᠭᠦᠷᠭᠡ ᠶᠢ ᠴᠢᠩᠭᠠᠳᠬᠠᠵᠤ᠂ ᠰᠲ᠋ᠣᠺ ᠢᠶᠠᠨ ᠵᠠᠬ᠎ᠠ | ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠬᠤᠪᠢ ᠡᠵᠡᠮᠳᠡᠬᠦ ᠬᠠᠷᠢᠴᠠᠯ ᠨᠢ 5% ᠠᠴᠠ ᠳᠡᠭᠡᠭᠰᠢᠬᠢ ᠪᠠᠶᠢᠭᠤᠯᠤᠮᠵᠢ ᠶᠢᠨ ᠪᠡᠯᠡ ᠣᠷᠣᠭᠤᠯᠤᠭᠴᠢ ᠶᠢ ᠣᠷᠣᠭᠤᠯᠤᠨ | ᠠᠪᠴᠢᠷᠠᠵᠤ ᠢᠳᠡᠪᠬᠢᠲᠡᠢ ᠬᠤᠪᠢ ᠣᠷᠣᠭᠤᠯᠤᠭᠴᠢ ᠪᠤᠯᠭᠠᠬᠤ ᠶᠢ ᠳᠡᠮᠵᠢᠨ᠎ᠡ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠪᠡᠶ᠎ᠡ ᠪᠠᠨ | ᠳᠠᠭᠠᠭᠠᠭᠰᠠᠨ ᠬᠡᠷᠡᠭ ᠮᠡᠳᠡᠭᠴᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠣᠯᠠᠩᠬᠢ ᠲᠤᠭ᠎ᠠ ᠶᠢ ᠡᠵᠡᠯᠡᠭᠰᠡᠨ | ᠬᠢᠨᠠᠨ ᠪᠤᠳᠣᠬᠤ ᠵᠥᠪᠯᠡᠯ ᠪᠣᠯᠣᠨ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠶᠢᠨ ᠲᠤᠰᠬᠠᠢ ᠬᠤᠷᠠᠯ ᠤᠨ ᠲᠣᠭᠲᠠᠴᠠ ᠶᠢ ᠪᠠᠶᠢᠭᠤᠯᠤᠨ᠎ᠠ᠃ ᠰᠲ᠋ᠣᠺ ᠢᠶᠠᠨ ᠵᠠᠬ᠎ᠠ | ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠵᠠᠰᠠᠯᠲᠠ ᠶᠢᠨ ᠬᠦᠷᠢᠶ᠎ᠡ ᠶᠢᠨ ᠮᠡᠳᠡᠭᠡ ᠵᠠᠩᠭᠢ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ᠂ ᠰᠢᠢᠳᠪᠦᠷᠢᠲᠦ | ᠪᠣᠳᠣᠯᠭ᠎ᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠤᠨ᠎ᠠ᠃ | ᠳᠥᠷᠪᠡ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ | ︵ᠲᠤᠯᠤᠭ᠎ᠠ︶ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠬᠢᠭᠡᠳ ᠣᠨ ᠤ ᠲᠥᠯᠥᠪᠯᠡᠭᠡ᠂ | ᠪᠡᠯᠡ ᠣᠷᠣᠭᠤᠯᠤᠯᠲᠠ ᠶᠢᠨ ᠲᠥᠯᠥᠪᠯᠡᠭᠡ᠂ ᠡᠳ᠋ ᠤᠨ ᠶᠠᠪᠤᠳᠠᠯ ᠤᠨ ᠲᠥᠰᠥᠪ᠂ ᠲᠤᠰᠢᠶᠠᠯ ᠡᠭᠦᠷᠭᠡᠯᠡᠬᠦ ᠬᠤᠭᠤᠴᠠᠭᠠᠨ ᠤ ᠠᠵᠢᠯ ᠤᠨ ᠠᠮᠵᠢᠯᠲᠠ ᠶᠢ ᠬᠢᠨᠠᠨ | ᠰᠢᠯᠭᠠᠬᠤ᠂ ᠣᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠵᠡᠷᠭᠡ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠳᠤ ᠰᠠᠭᠤᠷᠢᠯᠠᠨ ᠭᠤᠣᠯ ᠬᠠᠷᠢᠭᠤᠴᠠᠯᠭ᠎ᠠ ᠭᠤᠣᠯ ᠠᠵᠢᠯ ᠢ ᠡᠮᠬᠢᠯᠡᠨ ᠲᠣᠳᠣᠷᠬᠠᠶᠢᠯᠠᠵᠤ᠂ | ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ ᠵᠡᠷᠭᠡ ᠡᠯ᠎ᠡ ᠲᠥᠷᠥᠯ ᠤᠨ ᠬᠦᠴᠦᠨ ᠵᠦᠢᠯ ᠢ ᠭᠤᠣᠯ ᠠᠵᠢᠯ ᠲᠡᠶᠢᠰᠢ ᠲᠥᠪᠯᠡᠷᠡᠭᠦᠯᠬᠦ ᠶᠢ ᠠᠬᠢᠭᠤᠯᠤᠨ᠂ ᠰᠣᠬᠤᠷ | ᠪᠠᠯᠠᠢ ᠪᠠᠷ ᠣᠯᠠᠨ ᠡᠰᠢᠵᠢᠭᠦᠯᠦᠨ ᠥᠷᠭᠡᠳᠬᠡᠬᠦ ᠪᠠ ᠡᠮᠬᠢ ᠵᠢᠷᠤᠮ ᠦᠭᠡᠢ ᠪᠠᠷ ᠥᠷᠭᠡᠳᠬᠡᠬᠦ ᠶᠢ ᠰᠡᠷᠭᠡᠶᠢᠯᠡᠨ ᠬᠤᠷᠢᠭᠯᠠᠨ᠎ᠠ᠃ | ︵ᠨᠠᠢᠮᠠ︶ ᠳᠣᠲᠣᠭᠠᠳᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠪᠦᠯᠦᠭᠯᠡᠯ ᠤᠨ ᠶᠡᠷᠦᠩᠬᠡᠢ ᠬᠡᠯᠲᠡᠰ ᠤᠨ ᠬᠠᠷᠢᠶ᠎ᠠ ᠠᠵᠤ ᠠᠬᠤᠶᠢᠯᠠᠯ ᠢᠶᠠᠨ ᠵᠢᠯᠣᠭᠤᠳᠤᠨ | ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠬᠤ ᠪᠠ ᠬᠤᠯᠪᠣᠭᠳᠠᠬᠤ ᠠᠷᠠᠯᠵᠢᠶᠠᠨ ᠤ ᠬᠠᠮᠢᠶᠠᠷᠤᠯᠲᠠ ᠶᠢ ᠠᠬᠢᠭᠤᠯᠤᠨ᠎ᠠ᠃ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠳᠣᠲᠣᠭᠠᠳᠤ ᠡᠵᠡᠮᠳᠡᠯ᠂ ᠬᠠᠤᠯᠢ ᠶᠢᠨ ᠶᠠᠪᠤᠳᠠᠯ ᠤᠨ ᠪᠠᠶᠢᠭᠤᠯᠤᠮᠵᠢ ᠪᠠᠶᠢᠭᠤᠯᠵᠤ᠂ ᠬᠠᠮᠢᠶᠠᠷᠤᠯᠲᠠ ᠶᠢᠨ ᠦᠷ᠎ᠡ | ᠪᠦᠲᠦᠮᠵᠢ ᠪᠠᠨ ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | ᠳᠣᠲᠣᠭᠠᠳᠤ ᠳᠠᠬᠢ ᠢᠯᠵᠢᠷᠡᠯ ᠢ ᠡᠰᠡᠷᠭᠦᠴᠡᠬᠦ ᠪᠠᠶᠢᠭᠤᠯᠤᠯ ᠢ ᠨᠢ ᠲᠡᠭᠦᠯᠳᠡᠷᠵᠢᠭᠦᠯᠵᠦ᠂ ᠬᠢᠨᠠᠨ ᠪᠤᠳᠣᠵᠤ ᠬᠢᠨᠠᠯᠲᠠ ᠲᠠᠯᠪᠢᠬᠤ ᠰᠢᠰᠲ᠋ᠧᠮ ᠪᠣᠯᠣᠨ ᠡᠳ᠋ ᠤᠨ ᠶᠠᠪᠤᠳᠠᠯ | ᠨᠢᠭᠲᠠᠯᠠᠨ ᠪᠤᠳᠣᠬᠤ ᠴᠢᠩᠭ᠎ᠠ ᠪᠠᠶᠢᠭᠤᠯᠤᠯ ᠢ ᠪᠠᠶᠢᠭᠤᠯᠤᠨ᠎ᠠ᠃ | ︵ᠶᠢᠰᠦ︶ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠯᠦᠭᠯᠡᠯ ᠺᠤᠮᠫᠠᠨᠢ ᠨᠤᠭᠤᠳ | ᠣᠯᠠᠨ ᠳᠡᠰ ᠳᠠᠪᠬᠤᠷᠭ᠎ᠠ ᠪᠦᠬᠦᠢ ᠲᠦᠭᠰᠢᠭᠦᠷᠢ ᠶᠢ ᠰᠡᠷᠡᠮᠵᠢᠯᠡᠬᠦ ᠪᠠ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ | ᠳᠣᠲᠣᠭᠠᠳᠤ ᠭᠠᠳᠠᠭᠠᠳᠤ ᠶᠢᠨ ᠪᠡᠯᠡ ᠣᠷᠣᠭᠤᠯᠤᠨ ᠡᠵᠡᠩᠨᠡᠬᠦ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠳᠣᠲᠣᠭᠠᠳᠤ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠪᠠᠶᠢᠭᠤᠯᠬᠤ ᠶᠢ | ᠵᠣᠷᠢᠭᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠡᠵᠡᠩᠨᠡᠯᠲᠡ ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ | ᠣᠷᠣᠭᠤᠯᠤᠨ᠎ᠠ᠃ | ︵ᠠᠷᠪᠠ︶ ᠰᠢᠨᠵᠢᠯᠡᠬᠦ ᠤᠬᠠᠭᠠᠨᠴᠢ ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠪᠦᠭᠦ ᠲᠠᠯ᠎ᠠ ᠶᠢᠨ ᠲᠥᠰᠥᠪ ᠤᠨ | ᠬᠠᠮᠢᠶᠠᠷᠤᠯᠲᠠ ᠪᠠ ᠪᠦᠭᠦ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠬᠠᠮᠢᠶᠠᠷᠤᠯᠲᠠ ᠶᠢᠨ ᠲᠠᠰ | ᠱᠠᠲᠤ᠂ ᠬᠠᠤᠯᠢ ᠶᠢᠨ ᠡᠷᠬᠡᠲᠡᠨ ᠤ ᠲᠠᠰ ᠱᠠᠲᠤ ᠶᠢ ᠵᠦᠢ ᠵᠣᠬᠢᠰᠲᠠᠢ ᠡᠵᠡᠮᠳᠡᠨ᠂ ᠲᠣᠭᠠᠴᠢᠯᠠᠭᠰᠠᠨ ᠮᠡᠷᠭᠡᠵᠢᠯ ᠬᠢᠭᠡᠳ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠬᠠᠮᠢᠶᠠᠷᠤᠯᠲᠠ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠠᠵᠤ | ᠠᠬᠤᠶᠢᠯᠠᠯ ᠤᠨ ᠳ᠋ᠠᠶᠢᠲ᠋ᠠ ᠶᠢ ᠵᠠᠰᠠᠬᠤ ᠪᠠ ᠳ᠋ᠠᠶᠢᠲ᠋ᠠ ᠶᠢ ᠭᠦᠢᠯᠭᠡᠭᠡᠨ ᠳᠤ ᠬᠡᠷᠡᠭᠯᠡᠬᠦ ᠴᠢᠳᠠᠪᠤᠷᠢ ᠶᠢ ᠴᠢᠩᠭᠠᠳᠬᠠᠨ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠠᠬᠢᠭᠤᠯᠤᠨ᠎ᠠ᠃ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ ᠠᠬᠤᠶᠢᠯᠠᠯ ᠤᠨ | ᠠᠷᠠᠳᠴᠢᠯᠠᠭᠰᠠᠨ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠦᠨ᠂ ᠠᠵᠢᠯᠲᠠᠨ ᠠᠵᠢᠯᠴᠢᠨ ᠤ ᠬᠡᠷᠡᠭ ᠮᠡᠳᠡᠭᠴᠢ ᠶᠢᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠦᠨ᠎ᠡ᠃ ᠠᠵᠢᠯᠴᠢᠨ ᠤ ᠡᠪᠯᠡᠯ ᠵᠡᠷᠭᠡ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ | ᠴᠠᠯᠢᠩ ᠢ ᠬᠠᠮᠲᠤ ᠪᠠᠷ ᠵᠥᠪᠳᠡᠯᠴᠡᠬᠦ ᠪᠠᠶᠢᠭᠤᠯᠤᠯ ᠢ ᠢᠳᠡᠪᠬᠢᠲᠡᠢ ᠪᠠᠷ ᠬᠡᠷᠡᠭᠵᠢᠭᠦᠯᠦᠨ᠂ ᠠᠵᠤ ᠠᠬᠤᠶᠢᠯᠠᠯ ᠤᠨ ᠪᠣᠳᠠᠲᠠᠢ ᠲᠠᠢ ᠨᠡᠶᠢᠴᠡᠭᠰᠡᠨ᠂ ᠬᠡᠷᠡᠭᠵᠢᠭᠦᠯᠵᠦ | ᠪᠣᠯᠬᠤᠶᠢᠴᠠ ᠴᠢᠨᠠᠷᠲᠠᠢ ᠬᠠᠮᠲᠤ ᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠤᠨ᠎ᠠ᠃ | ᠲᠠᠪᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠪᠠᠶᠢᠭᠤᠯᠤᠯ ᠢ ᠪᠦᠷᠢᠨᠰᠢᠭᠦᠯᠦᠨ᠎ᠡ | ︵ᠠᠷᠪᠠᠨ ᠨᠢᠭᠡ︶ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠶᠢ ᠪᠤᠢ ᠪᠣᠯᠭᠠᠨ᠎ᠠ᠃ ᠠᠵᠤ | ᠠᠬᠤᠶᠢᠯᠠᠯ ᠤᠨ ᠨᠢᠭᠡ ᠪᠦᠯᠦᠭ ᠰᠢᠨ᠎ᠡ ᠭᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ᠂ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ | ᠣᠷᠣᠭᠤᠯᠤᠨ ᠠᠪᠴᠢᠷᠠᠬᠤ ᠪᠤᠶᠤ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠬᠡᠷᠡᠭᠵᠢᠭᠦᠯᠦᠨ᠎ᠡ᠃ ᠲᠣᠮᠣ | ᠭᠡᠯᠪᠡᠷᠢ ᠶᠢᠨ ᠠᠵᠤ ᠠᠬᠤᠶᠢᠯᠠᠯ ᠤᠨ ᠬᠤᠳᠠᠯᠳᠤᠨ ᠠᠪᠬᠤ ᠪᠠᠷᠢᠮᠵᠢᠶ᠎ᠠ ᠪᠠᠨ ᠰᠢᠯᠢᠳᠡᠭᠵᠢᠭᠦᠯᠬᠦ᠂ ᠮᠡᠷᠭᠡᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠭᠦ ᠶᠢ ᠠᠬᠢᠭᠤᠯᠵᠤ᠂ | ᠬᠠᠩᠭᠠᠯᠭ᠎ᠠ ᠶᠢᠨ ᠬᠡᠯᠬᠢᠶ᠎ᠡ ᠪᠠᠨ ᠬᠠᠷᠢᠯᠴᠠᠨ ᠨᠡᠪᠲᠡᠷᠡᠭᠦᠯᠬᠦ ᠶᠢ ᠪᠡᠶᠡᠯᠡᠭᠦᠯᠦᠨ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠰᠢᠨ᠎ᠡ ᠶᠢ ᠡᠭᠦᠳᠬᠦ ᠡᠬᠢ ᠪᠠᠶᠠᠯᠢᠭ ᠢ | ᠴᠢᠯᠦᠭᠡᠲᠡᠢ ᠨᠡᠭᠡᠭᠡᠵᠦ᠂ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠪᠠ ᠣᠨᠳᠣᠣᠰᠢᠭᠤᠯᠬᠤ ᠳᠡᠮᠵᠢᠯᠭᠡ ᠬᠠᠩᠭᠠᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠦᠨ | ᠦᠢᠯᠡᠰ ᠪᠣᠰᠬᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ︵ᠠᠷᠪᠠᠨ ᠬᠤᠶᠠᠷ︶ ᠰᠢᠨ᠎ᠡ ᠶᠢ ᠡᠭᠦᠳᠬᠦ ᠬᠦᠴᠦᠨ ᠵᠦᠢᠯ ᠢ ᠥᠨᠳᠥᠷ ᠪᠦᠲᠦᠮᠵᠢᠲᠡᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠭᠡᠭᠡᠯᠲᠡᠲᠤ | ᠭᠡᠯᠪᠡᠷᠢ ᠶᠢᠨ ᠠᠵᠤ ᠠᠬᠤᠶᠢᠯᠠᠯ ᠤᠨ ᠴᠢᠳᠠᠪᠤᠷᠢᠲᠠᠨ ᠤ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠤᠣᠰ ᠴᠢᠭᠯᠡᠯ ᠢᠶᠠᠷ ᠰᠢᠯᠵᠢᠭᠦ ᠲᠣᠭᠲᠠᠴᠠ ᠶᠢ | ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠢ ᠣᠨᠳᠣᠣᠰᠢᠭᠤᠯᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠲᠥᠷᠥᠯ ᠤᠨ | ᠳᠠᠭᠠᠭᠤᠯᠤᠭᠴᠢ ᠠᠵᠤ ᠠᠬᠤᠶᠢᠯᠠᠯ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠤᠬᠠᠭᠳᠠᠬᠤᠨ ᠢᠶᠠᠷ ᠰᠢᠯᠭᠠᠨ ᠪᠠᠲᠤᠯᠠᠬᠤ᠂ ᠪᠠᠭ᠎ᠠ ᠳᠤᠮᠳᠠ ᠵᠡᠷᠭᠡ ᠶᠢᠨ | ᠲᠤᠷᠰᠢᠯᠲᠠ ᠬᠢᠬᠦ᠂ ᠪᠠᠶᠢᠴᠠᠭᠠᠨ ᠭᠡᠷᠡᠴᠢᠯᠡᠬᠦ ᠵᠡᠷᠭᠡ ᠮᠡᠷᠭᠡᠵᠢᠯ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠳᠦᠷᠢᠮ ᠢ ᠬᠤᠪᠢᠷᠠᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠲᠦᠷᠭᠡᠳᠬᠡᠵᠦ᠂ ᠲᠤᠰᠢᠶᠠᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠡᠷᠬᠡ ᠣᠯᠭᠤᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠲᠣᠭᠲᠠᠭᠠᠯ ᠶᠣᠰᠣᠭᠠᠷ ᠥᠷᠨᠢᠭᠦᠯᠦᠨ᠎ᠡ᠃ | ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠨᠴᠠᠯᠢᠭᠲᠤ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠬᠥᠩᠭᠡᠨ ᠬᠥᠷᠥᠩᠭᠡ ᠶᠢᠨ ᠣᠨᠴᠠᠯᠢᠭ ᠲᠤ ᠲᠣᠬᠢᠷᠠᠬᠤ ᠮᠥᠩᠭᠦᠨ ᠭᠦᠢᠯᠭᠡᠭᠡᠨ ᠤ ᠦᠢᠯᠡᠳᠬᠦᠨ ᠢ | ᠨᠡᠭᠡᠭᠡᠨ ᠬᠥᠭᠵᠢᠭᠦᠯᠦᠨ᠎ᠡ᠃ | ︵ᠠᠷᠪᠠᠨ ᠭᠤᠷᠪᠠ︶ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠬᠰᠠᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠵᠤ ᠠᠬᠤᠶᠢᠯᠠᠯ ᠤᠨ | ᠳᠤᠮᠳᠠ ᠣᠷᠳᠣ ᠬᠤᠭᠤᠴᠠᠭᠠᠨ ᠤ ᠥᠷᠲᠡᠭ ᠤᠨ ᠡᠭᠦᠳᠦᠯᠲᠡ ᠶᠢ ᠴᠢᠬᠤᠯᠠᠴᠢᠯᠠᠬᠤ ᠶᠢ ᠵᠣᠷᠢᠭᠵᠢᠭᠤᠯᠵᠤ᠂ ᠲᠥᠷᠥᠯ ᠵᠦᠢᠯ ᠤᠨ ᠪᠦᠯᠭᠦᠮ ᠳᠤ ᠭᠦᠢᠴᠡᠳ ᠡᠵᠡᠨ | ᠮᠡᠳᠡᠬᠦ ᠡᠷᠬᠡ ᠣᠯᠭᠤᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠪᠦᠲᠦᠮᠵᠢᠲᠡᠶ ᠬᠡᠷᠡᠭᠯᠡᠨ ᠤᠷᠮᠠᠰᠢᠭᠤᠯᠬᠤ ᠶᠢ ᠴᠢᠩᠭᠠᠷᠠᠭᠤᠯᠤᠨ᠎ᠠ᠃ ᠨᠥᠬᠦᠴᠡᠯ ᠲᠠᠢ ᠠᠵᠤ | ᠠᠬᠤᠶᠢᠯᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠪᠠᠶᠢᠭᠤᠯᠤᠮᠵᠢ ᠪᠠᠶᠢᠭᠤᠯᠬᠤ ᠶᠢ ᠠᠬᠢᠭᠤᠯᠤᠨ᠎ᠠ᠃ | ᠵᠢᠷᠭᠤᠭ᠎ᠠ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠬᠢᠭᠡᠳ ᠠᠵᠤ ᠠᠬᠤᠶᠢᠯᠠᠯ ᠤᠨ ᠰᠣᠶᠣᠯ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ | ︵ᠠᠷᠪᠠᠨ ᠳᠥᠷᠪᠡ︶ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ | ᠨᠡᠶᠢᠭᠡᠮ ᠤᠨ ᠬᠠᠷᠢᠭᠤᠴᠠᠯᠭ᠎ᠠ ᠶᠢᠨ ᠣᠶᠢᠯᠠᠭᠠᠭᠳᠠᠬᠤᠨ ᠢ ᠦᠢᠯᠡᠳᠪᠦᠷᠢᠯᠡᠯ ᠡᠵᠡᠩᠨᠡᠯᠲᠡ ᠶᠢᠨ ᠪᠦᠭᠦ ᠶᠠᠪᠤᠴᠠ ᠳᠤ ᠠᠭᠤᠰᠤᠯᠴᠠᠭᠤᠯᠬᠤ ᠶᠢ ᠠᠬᠢᠭᠤᠯᠵᠤ᠂ ᠠᠵᠤ | ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ᠂ ᠦᠨᠡᠨᠴᠢ ᠢᠲᠡᠭᠡᠮᠵᠢᠲᠡᠢ ᠪᠠᠶᠢᠬᠤ ᠶᠢ ᠬᠥᠲᠥᠯᠥᠨ ᠵᠢᠯᠣᠭᠤᠳᠤᠨ᠎ᠠ᠃ ᠠᠵᠤ ᠠᠬᠤᠶᠢᠯᠠᠯ ᠤᠨ ᠪᠣᠬᠢᠷᠳᠤᠯ ᠦᠭᠡᠢ | ᠬᠥᠭᠵᠢᠯᠲᠡ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ᠂ ᠰᠣᠶᠣᠯ ᠤᠨ ᠤᠯᠠᠮᠵᠢᠯᠠᠯ ᠵᠡᠷᠭᠡ | ᠦᠢᠯᠡᠰ ᠲᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠲᠡᠮᠵᠢᠨ᠎ᠡ᠃ | ︵ᠠᠷᠪᠠᠨ ᠲᠠᠪᠤ︶ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠴᠠᠯᠢᠩ ᠤᠨ | ᠵᠦᠢ ᠵᠣᠬᠢᠰᠲᠠᠢ ᠨᠡᠮᠡᠭᠳᠡᠯ ᠤᠨ ᠲᠣᠭᠲᠠᠴᠠ ᠶᠢ ᠪᠦᠷᠢᠨᠰᠢᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠠᠵᠤ ᠠᠬᠤᠶᠢᠯᠠᠯ ᠤᠨ ᠳᠡᠭᠡᠳᠦ ᠵᠡᠷᠭᠡ ᠶᠢᠨ | ᠬᠠᠮᠢᠶᠠᠷᠤᠯᠲᠠ ᠶᠢᠨ ᠠᠵᠢᠯᠲᠠᠨ ᠤ ᠴᠠᠯᠢᠩ ᠬᠥᠯᠥᠰᠦ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ | ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠴᠠᠯᠢᠩ ᠬᠥᠯᠥᠰᠦ ᠶᠢᠨ ᠲᠦᠪᠰᠢᠨ ᠢ ᠵᠦᠢ ᠵᠣᠬᠢᠰᠲᠠᠢ ᠲᠣᠭᠲᠠᠭᠠᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠥᠬᠦᠴᠡᠯ ᠳᠤ ᠨᠡᠶᠢᠴᠡᠬᠦ ᠤᠯᠤᠰ ᠤᠨ | ᠥᠮᠴᠢᠯᠡᠯ ᠤᠨ ᠠᠵᠤ ᠠᠬᠤᠶᠢᠯᠠᠯ ᠳᠤ ᠴᠠᠯᠢᠩ ᠤᠨ ᠶᠡᠷᠦᠩᠬᠡᠢ ᠲᠥᠰᠥᠪ ᠤᠨ ᠦᠶᠡᠯᠡᠯ ᠤᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠯ᠎ᠡ ᠱᠠᠲᠤᠨ ᠤ ᠬᠠᠷᠢᠭᠤᠴᠠᠯᠭᠠᠲᠠᠨ ᠤ ᠴᠠᠯᠢᠩ ᠬᠥᠯᠥᠰᠦ᠂ ᠨᠡᠮᠡᠭᠦᠷᠢ ᠨᠥᠬᠦᠪᠦᠷᠢ ᠵᠡᠷᠭᠡ ᠶᠢ ᠵᠦᠢ ᠵᠣᠬᠢᠰᠲᠠᠢ | ᠲᠣᠭᠲᠠᠭᠠᠬᠤ ᠶᠢᠨ ᠬᠠᠮᠲᠤ ᠴᠢᠩᠭ᠎ᠠ ᠵᠢᠷᠤᠮᠵᠢᠭᠤᠯᠤᠨ᠎ᠠ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠳᠤᠮᠳᠠ ᠤᠷᠲᠤ ᠬᠤᠭᠤᠴᠠᠭᠠᠨ ᠤ | ᠤᠷᠮᠠᠰᠢᠭᠤᠯᠤᠯ ᠥᠷᠨᠢᠭᠦᠯᠬᠦ ᠶᠢ ᠠᠬᠢᠭᠤᠯᠵᠤ᠂ ᠲᠣᠭᠲᠠᠭᠤᠨ ᠪᠥᠭᠡᠳ ᠤᠷᠲᠤ ᠬᠤᠭᠤᠴᠠᠭᠠᠨ ᠤ ᠪᠡᠯᠡᠨ ᠵᠣᠭᠤᠰ ᠤᠨ ᠠᠰᠢᠭ ᠬᠤᠪᠢᠶᠠᠬᠤ ᠲᠥᠷᠥ ᠶᠢᠨ | ᠪᠣᠳᠣᠯᠭ᠎ᠠ ᠶᠢ ᠲᠣᠭᠲᠠᠭᠠᠨ᠎ᠠ᠃ | ︵ᠠᠷᠪᠠᠨ ᠵᠢᠷᠭᠤᠭ᠎ᠠ︶ ᠰᠢᠯᠢᠳᠡᠭ ᠠᠵᠤ ᠠᠬᠤᠶᠢᠯᠠᠯ ᠤᠨ ᠰᠣᠶᠣᠯ ᠢ ᠪᠤᠶᠢᠵᠢᠭᠤᠯᠤᠨ᠎ᠠ᠃ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ᠂ ᠵᠢᠷᠤᠮ ᠢᠶᠠᠷ | ᠠᠰᠢᠭ ᠣᠯᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠵᠡᠷᠭᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠣᠶᠢᠯᠠᠭᠠᠭᠳᠠᠬᠤᠨ ᠢ ᠠᠵᠤ | ᠠᠬᠤᠶᠢᠯᠠᠯ ᠤᠨ ᠬᠠᠮᠢᠶᠠᠷᠤᠯᠲᠠ ᠶᠢᠨ ᠦᠢᠯᠡᠳᠦᠯᠭᠡ ᠳᠤ ᠬᠡᠷᠡᠭᠯᠡᠵᠦ᠂ ᠺᠤᠮᠫᠠᠨᠢ ᠶᠢᠨ ᠵᠠᠰᠠᠯᠲᠠ ᠳᠤ ᠠᠭᠤᠰᠤᠯᠴᠠᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠤᠯᠤᠰ ᠢᠶᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠬᠦ᠂ ᠦᠢᠯᠡᠰ ᠪᠣᠰᠬᠠᠨ | ᠰᠢᠨ᠎ᠡ ᠶᠢ ᠡᠭᠦᠳᠬᠦ᠂ ᠨᠡᠶᠢᠭᠡᠮ ᠳᠤ ᠠᠴᠢ ᠬᠠᠷᠢᠭᠤᠯᠠᠬᠤ ᠬᠡᠪ ᠳᠠᠭᠤᠷᠢᠶᠠᠯ ᠪᠤᠯᠭᠠᠬᠤ ᠪᠠᠷ ᠴᠢᠷᠮᠠᠶᠢᠨ᠎ᠠ᠃ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠪᠠᠨ | ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ᠂ ᠦᠢᠯᠡᠳᠪᠦᠷᠢᠯᠡᠯ ᠡᠵᠡᠩᠨᠡᠯᠲᠡ᠂ ᠠᠵᠢᠯᠲᠠᠨ ᠠᠵᠢᠯᠴᠢᠨ ᠤ ᠪᠣᠯᠪᠠᠰᠤᠷᠠᠯ᠂ ᠰᠢᠯᠭᠠᠨ ᠬᠢᠨᠠᠵᠤ ᠦᠨᠡᠯᠡᠬᠦ ᠵᠡᠷᠭᠡ ᠪᠦᠭᠦ | ᠶᠠᠪᠤᠴᠠ ᠳᠤ ᠠᠭᠤᠰᠤᠯᠴᠠᠭᠤᠯᠬᠤ ᠶᠢ ᠳᠡᠮᠵᠢᠨ᠎ᠡ᠃ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠬᠢᠨ ᠤ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠤᠯᠪᠤᠭᠠᠯᠠᠨ ᠣᠲᠣ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ | ᠣᠨᠣᠯ ᠢ ᠠᠬᠢᠭᠤᠯᠤᠨ ᠲᠡᠭᠦᠯᠳᠡᠷᠵᠢᠭᠦᠯᠬᠦ ᠶᠢ ᠳᠡᠮᠵᠢᠨ᠎ᠡ᠃ ᠳᠤᠮᠳᠠᠳᠤ ᠤᠯᠤᠰ ᠤᠨ ᠠᠵᠤ ᠠᠬᠤᠶᠢᠯᠠᠯ ᠤᠨ ᠳᠦᠷᠢ ᠲᠥᠷᠬᠦ ᠶᠢ ᠱᠤᠭᠤᠵᠤ᠂ ᠦᠨᠳᠦᠰᠦᠲᠡᠨ ᠤ | ᠲᠦᠷᠦᠯ ᠲᠡᠮᠳᠡᠭ ᠢ ᠬᠦᠴᠦᠷᠬᠡᠭᠵᠢᠭᠦᠯᠦᠨ ᠪᠤᠵᠠᠭᠠᠶᠢᠷᠠᠭᠤᠯᠤᠨ᠎ᠠ᠃ | ᠳᠣᠯᠤᠭ᠎ᠠ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠦᠨ᠎ᠡ | ︵ᠠᠷᠪᠠᠨ ᠳᠣᠯᠤᠭ᠎ᠠ︶ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠠᠵᠤ ᠠᠬᠤᠶᠢᠯᠠᠯ ᠤᠨ | ᠡᠵᠡᠩᠨᠡᠯᠲᠡ ᠶᠢᠨ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠢᠨᠠᠨ ᠬᠠᠮᠢᠶᠠᠷᠬᠤ ᠳᠦᠷᠢᠮ ᠪᠠ ᠲᠥᠷᠥ ᠶᠢᠨ | ᠪᠣᠳᠣᠯᠭ᠎ᠠ ᠶᠢᠨ ᠲᠣᠭᠲᠠᠪᠤᠷᠢᠲᠤ ᠴᠢᠨᠠᠷ᠂ ᠵᠢᠱᠢᠵᠦ ᠪᠣᠯᠬᠤᠶᠢᠴᠠ ᠴᠢᠨᠠᠷ ᠢ ᠴᠢᠩᠭᠠᠷᠠᠭᠤᠯᠤᠨ᠂ ᠬᠢᠨᠠᠨ ᠬᠠᠮᠢᠶᠠᠷᠬᠤ ᠮᠡᠳᠡᠭᠡ ᠵᠠᠩᠭᠢᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠦᠷᠢᠨᠰᠢᠭᠦᠯᠵᠦ᠂ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠳᠡᠰ | ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠠᠵᠤ | ᠦᠢᠯᠡᠰ ᠤᠨ ᠬᠥᠷᠥᠩᠭᠡ ᠪᠠ ᠮᠥᠩᠭᠦᠨ ᠭᠦᠢᠯᠭᠡᠭᠡᠨ ᠤ ᠬᠥᠷᠥᠩᠭᠡ ᠶᠢᠨ ︽ᠰᠡᠷᠭᠡᠶᠢᠯᠡᠯᠲᠡ ᠶᠢᠨ ᠬᠡᠷᠡᠮ︾ ᠢ ᠪᠠᠶᠢᠭᠤᠯᠵᠤ᠂ ᠬᠥᠷᠥᠩᠭᠡ ᠶᠢᠨ ᠭᠦᠢᠴᠡᠳ ᠴᠢᠨᠠᠷ ᠤᠨ | ᠬᠠᠮᠢᠶᠠᠷᠤᠯᠲᠠ ᠪᠠ ᠺᠤᠮᠫᠠᠨᠢ ᠶᠢᠨ ᠵᠠᠰᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠭᠦᠢᠯᠭᠡᠭᠡᠨ ᠤ ᠴᠢᠨᠠᠷᠲᠠᠢ ᠲᠦᠭᠰᠢᠭᠦᠷᠢ ᠶᠢ ᠴᠢᠩᠭ᠎ᠠ ᠡᠵᠡᠮᠳᠡᠵᠦ᠂ | ᠮᠥᠩᠭᠦᠨ ᠭᠦᠢᠯᠭᠡᠭᠡᠨ ᠤ ᠰᠲ᠋ᠣᠺ ᠡᠵᠡᠮᠰᠢᠯ ᠤᠨ ᠺᠤᠮᠫᠠᠨᠢ ᠶᠢ ᠪᠦᠬᠦᠯᠢ ᠴᠣᠭᠴᠠ ᠪᠠᠷ ᠨᠢ ᠬᠦᠰᠦᠨᠦᠭᠲᠦ ᠨᠡᠶᠢᠯᠡᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ ᠬᠤᠪᠢ | ᠣᠷᠣᠭᠤᠯᠤᠭᠴᠢ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ ᠬᠢᠵᠠᠭᠠᠷᠯᠠᠬᠤ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ | ᠬᠠᠭᠤᠷᠮᠠᠭᠯᠠᠯ ᠢ ᠴᠢᠩᠭ᠎ᠠ ᠰᠡᠷᠭᠡᠶᠢᠯᠡᠨ ᠬᠠᠮᠢᠶᠠᠷᠤᠨ᠎ᠠ᠃ | ︵ᠠᠷᠪᠠᠨ ᠨᠠᠢᠮᠠ︶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠦᠨ᠎ᠡ᠃ ᠬᠥᠷᠥᠩᠭᠡ ᠶᠢ | ᠬᠠᠮᠢᠶᠠᠷᠬᠤ ᠪᠠᠷ ᠭᠤᠣᠯ ᠪᠣᠯᠭᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠳᠠᠮᠵᠢ ᠶᠢ | ᠵᠠᠭᠠᠭᠯᠠᠨ ᠲᠣᠭᠲᠠᠭᠠᠬᠤ ᠪᠠ ᠲᠥᠷᠥᠯ ᠬᠤᠪᠢᠶᠠᠨ ᠵᠢᠯᠤᠭᠤᠳᠬᠤ ᠶᠢ ᠲᠡᠭᠦᠯᠳᠡᠷᠵᠢᠭᠦᠯᠵᠦ᠂ ᠲᠥᠷᠥᠯ ᠬᠤᠪᠢᠶᠠᠨ ᠡᠷᠬᠡ ᠣᠯᠭᠤᠵᠤ ᠡᠷᠬᠡ ᠶᠢ ᠳᠣᠷᠣᠭᠰᠢ | ᠪᠠᠭᠤᠯᠭᠠᠬᠤ ᠶᠢ ᠭᠦᠨᠵᠡᠭᠡᠶᠢᠷᠡᠭᠦᠯᠦᠨ᠂ ᠲᠥᠷᠥᠯ ᠬᠤᠪᠢᠶᠠᠨ ᠬᠢᠨᠠᠨ ᠬᠠᠮᠢᠶᠠᠷᠬᠤ᠂ ᠲᠥᠷᠥᠯ ᠬᠤᠪᠢᠶᠠᠨ ᠰᠢᠯᠭᠠᠨ ᠬᠢᠨᠠᠬᠤ ᠶᠢ ᠰᠢᠯᠢᠳᠡᠭᠵᠢᠭᠦᠯᠵᠦ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠣᠲᠣᠭᠠᠳᠤ ᠥᠷᠲᠡᠭ᠂ ᠣᠷᠳᠣ ᠬᠤᠭᠤᠴᠠᠭᠠᠨ ᠤ ᠥᠷᠲᠡᠭ ᠢ ᠴᠢᠬᠤᠯᠠᠴᠢᠯᠠᠨ᠎ᠠ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠪᠡᠯᠡ ᠣᠷᠣᠭᠤᠯᠤᠯᠲᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠣᠯᠣᠨ ᠬᠠᠷᠢᠭᠤᠴᠠᠯᠭ᠎ᠠ ᠶᠢᠨ | ᠬᠢᠵᠠᠭᠠᠷᠯᠠᠯ ᠢ ᠴᠢᠩᠭᠠᠷᠠᠭᠤᠯᠤᠨ᠎ᠠ᠃ | ︵ᠠᠷᠪᠠ ᠶᠢᠰᠦ︶ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ | ᠵᠥᠪᠰᠢᠶᠡᠷᠡᠯ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠵᠦ᠂ | ᠬᠦᠴᠦᠨ ᠦᠭᠡᠢ ᠪᠤᠯᠭᠠᠬᠤ ᠵᠡᠷᠭᠡ ᠵᠠᠬ᠎ᠠ ᠳᠡᠯᠭᠡᠭᠦᠷ ᠠᠴᠠ ᠪᠤᠴᠠᠭᠠᠵᠤ ᠭᠠᠷᠭᠠᠬᠤ ᠲᠣᠭᠲᠠᠴᠠ ᠶᠢ ᠰᠢᠯᠢᠳᠡᠭᠵᠢᠭᠦᠯᠦᠨ᠂ ᠭᠠᠵᠠᠷ ᠣᠷᠣᠨ ᠪᠣᠯᠣᠨ ᠠᠵᠢᠯ ᠲᠥᠷᠥᠯ ᠤᠨ | ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ᠂ ᠳᠦᠷᠢᠮ ᠤᠨ ᠵᠣᠬᠢᠴᠠᠩᠭᠤᠢ ᠪᠥᠭᠡᠳ ᠨᠢᠭᠡᠳᠦᠯᠲᠡᠢ ᠪᠠᠶᠢᠬᠤ ᠶᠢ ᠠᠬᠢᠭᠤᠯᠤᠨ᠎ᠠ᠃ | ᠠᠵᠤ ᠠᠬᠤᠶᠢᠯᠠᠯ ᠳᠤ ᠬᠤᠯᠪᠣᠭᠳᠠᠭᠰᠠᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠢᠭᠤᠳ ᠬᠦᠷᠭᠡᠵᠦ ᠲᠦᠷᠭᠡᠨ ᠡᠳ᠋ᠯᠡᠬᠦ᠂ ︽ᠭᠤᠶᠤᠴᠢᠯᠠᠬᠤ ᠠᠴᠠ | ᠬᠡᠯᠲᠦᠷᠢᠭᠦᠯᠦᠨ ᠲᠡᠷᠡ ᠳᠠᠷᠤᠢ ᠳᠤᠨᠢ ᠡᠳ᠋ᠯᠡᠬᠦ︾ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ | ᠠᠵᠢᠯᠲᠠᠨ ᠤ ᠬᠥᠮᠦᠵᠢᠯ ᠪᠣᠯᠪᠠᠰᠤᠷᠠᠯ ᠤᠨ ᠳᠦᠷᠢᠮ ᠢ ᠲᠡᠭᠦᠯᠳᠡᠷᠵᠢᠭᠦᠯᠬᠦ ᠶᠢ ᠳᠡᠮᠵᠢᠨ᠎ᠡ᠃ | ᠨᠠᠢᠮᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠳᠤᠮᠳᠠᠳᠤ ᠤᠯᠤᠰ ᠤᠨ ᠣᠨᠴᠠᠯᠢᠭ ᠪᠦᠬᠦᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠲᠡᠭᠦᠯᠳᠡᠷᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠳᠦᠷᠢᠮ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠤᠯᠢ ᠳᠤ ᠵᠠᠰᠠᠪᠤᠷᠢ ᠣᠷᠣᠭᠤᠯᠬᠤ ᠵᠡᠷᠭᠡ ᠶᠢ | ᠠᠬᠢᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ᠂ ᠬᠠᠤᠯᠢ ᠶᠣᠰᠣᠭᠠᠷ ᠠᠵᠤ ᠠᠬᠤᠶᠢᠯᠠᠯ ᠢ ᠵᠠᠰᠠᠬᠤ ᠶᠢ ᠠᠬᠢᠭᠤᠯᠤᠨ᠎ᠠ᠃ ᠨᠢᠭᠲᠠᠯᠠᠨ ᠪᠤᠳᠣᠬᠤ᠂ | ᠯᠠᠪᠯᠠᠭ᠎ᠠ ᠥᠭᠬᠦ᠂ ᠬᠠᠤᠯᠢ ᠴᠠᠭᠠᠵᠠ᠂ ᠢᠲᠡᠭᠡᠮᠵᠢ ᠶᠢᠨ ᠳᠡᠰ ᠲᠣᠭᠲᠠᠭᠠᠬᠤ ᠵᠡᠷᠭᠡ ᠲᠤᠰᠬᠠᠢ ᠪᠠᠶᠢᠭᠤᠯᠤᠮᠵᠢ ᠶᠢᠨ ᠠᠵᠢᠯ ᠡᠷᠭᠢᠯᠡᠭᠦ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠲᠤᠰᠬᠠᠢ ᠪᠠᠶᠢᠭᠤᠯᠤᠮᠵᠢ ᠶᠢᠨ ᠠᠵᠢᠯ ᠡᠷᠭᠢᠯᠡᠭᠦ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠡᠷᠭᠢᠯᠡᠭᠦ ᠳᠠᠬᠢ ᠬᠢᠨᠠᠯᠲᠠ ᠲᠠᠯᠪᠢᠬᠤ | ᠪᠠ ᠲᠤᠰᠬᠠᠢ ᠦᠢᠯᠡᠴᠢᠯᠡᠭᠡᠨ ᠤ ᠦᠢᠯᠡᠳᠦᠯ ᠢ ᠨᠢ ᠪᠠᠳᠠᠷᠠᠭᠤᠯᠵᠤ᠂ ᠡᠷᠬᠡ ᠲᠡᠭᠰᠢ ᠪᠠᠷ ᠥᠷᠢᠰᠦᠯᠳᠦᠬᠦ᠂ ᠦᠨᠡᠨᠴᠢ ᠢᠲᠡᠭᠡᠮᠵᠢᠲᠡᠢ ᠵᠢᠷᠤᠮᠵᠢᠯ ᠲᠠᠢ ᠪᠠᠶᠢᠬᠤ ᠰᠠᠶᠢᠨ | ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠠᠭᠠᠯᠠᠨ᠎ᠠ᠃ ᠤᠳᠤ ᠦᠶ᠎ᠡ ᠶᠢᠨ ᠠᠵᠤ ᠠᠬᠤᠶᠢᠯᠠᠯ ᠤᠨ ᠪᠠᠶᠢᠭᠤᠯᠤᠯ ᠢ ᠦᠢᠯᠡᠳᠦᠯᠭᠡᠵᠢᠭᠦᠯᠦᠨ | ᠰᠦᠪᠡᠭᠴᠢᠯᠡᠭᠰᠡᠨ ᠪᠠ ᠠᠮᠵᠢᠯᠲᠠ ᠲᠠᠢ ᠲᠤᠷᠰᠢᠯᠭ᠎ᠠ ᠶᠢ ᠤᠬᠠᠭᠤᠯᠬᠤ ᠪᠠᠨ ᠴᠢᠩᠭᠠᠳᠬᠠᠵᠤ᠂ ᠨᠢᠭᠡ ᠪᠦᠯᠦᠭ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ | ᠨᠡᠶᠢᠲᠡᠯᠢᠭ ᠲᠤᠷᠰᠢᠯᠭ᠎ᠠ ᠶᠢ ᠳ᠋ᠦᠩᠨᠡᠵᠦ᠂ ᠨᠢᠭᠡ ᠪᠦᠯᠦᠭ ᠺᠤᠮᠫᠠᠨᠢ ᠶᠢᠨ ᠵᠠᠰᠠᠯᠲᠠ ᠶᠢᠨ ᠨᠡᠶᠢᠲᠡᠯᠢᠭ ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢ ᠳᠡᠯᠭᠡᠷᠡᠭᠦᠯᠦᠨ᠎ᠡ᠃ |