ᠵᠢᠷᠭᠤᠳᠤᠭᠠᠷ ᠬᠤᠭᠤᠴᠠᠭᠠᠨ ᠤ ᠭᠡᠭᠡᠨ ᠭᠤᠣᠯ ᠬᠤᠳᠠ ᠶᠢᠨ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠢ ᠲᠥᠪᠯᠡᠷᠡᠭᠦᠯᠦᠨ ᠬᠠᠷᠢᠭᠤ ᠲᠤᠰᠬᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/9
    ᠲᠦᠷᠦᠭᠦᠬᠡᠨ᠂ ᠵᠢᠷᠭᠤᠳᠤᠭᠠᠷ ᠬᠤᠭᠤᠴᠠᠭᠠᠨ ᠤ ᠭᠡᠭᠡᠨ ᠭᠤᠤᠯ ᠬᠤᠲᠠ ᠶᠢᠨ ᠨᠠᠮ ᠤᠨ ᠬᠤᠷᠢᠶᠠᠨ ᠤ ᠠᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠢ ᠲᠥᠪᠯᠡᠷᠡᠭᠦᠯᠦᠨ ᠬᠠᠷᠢᠭᠤ ᠲᠤᠰᠬᠠᠬᠤ ᠬᠤᠷᠠᠯ ᠬᠤᠷᠠᠯᠳᠤᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠵᠧᠨ ᠰᠢᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠬᠤᠷᠠᠯ ᠪᠣᠯᠣᠨ ᠮᠠᠨ ᠤ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠨᠡᠶᠢᠲᠡᠯᠢᠭ ᠴᠢᠨᠠᠷᠲᠠᠢ ᠠᠰᠠᠭᠤᠳᠠᠯ ᠢ ᠮᠡᠳᠡᠭᠳᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃    ᠬᠠᠷᠢᠭᠤ ᠲᠤᠰᠬᠠᠯ ᠤᠨ ᠱᠠᠭᠠᠷᠳᠠᠭᠰᠠᠨ ᠨᠢ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠥᠭᠡᠷᠡᠴᠢᠯᠡᠯᠲᠡ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠰᠠᠭᠤᠳᠠᠯ ᠢ ᠲᠤᠭᠤᠰᠢᠲᠠᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ︔ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠨ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠦᠨᠡᠨ ᠬᠦ ᠮᠡᠳᠡᠷᠡᠵᠦ᠂ ᠦᠨᠡᠨ ᠬᠦ ᠲᠤᠩᠭᠠᠨ ᠪᠣᠳᠣᠯᠬᠢᠯᠠᠵᠤ᠂ ᠦᠨᠡᠨ ᠬᠦ ᠴᠡᠭᠴᠡᠯᠡᠨ  ᠵᠠᠰᠠᠨ᠎ᠠ᠃ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠥᠬᠡᠶ᠂ ᠬᠠᠰᠢ ᠶᠠᠰᠢ ᠠᠷᠭᠠᠴᠠᠭᠠᠬᠤ᠂ ᠠᠷᠭ᠎ᠠ ᠬᠡᠮᠵᠢᠶ᠎ᠡ ᠨᠢ ᠬᠦᠴᠦᠨ ᠥᠬᠡᠶ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠳ ᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠰᠢᠰᠲ᠋ᠧᠮᠲᠦ ᠦᠵᠡᠯᠲᠡ ᠶᠢ ᠴᠢᠩᠭᠠᠳᠬᠠᠵᠤ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠳᠤ ᠰᠡᠷᠡᠭᠳᠡᠯ ᠲᠠᠢ ᠪᠣᠯᠭᠠᠬᠤ ᠬᠡᠷᠡᠭᠲᠡᠢ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ