ᠰᠤᠷᠪᠤᠯᠵᠢᠯᠠᠭ᠎ᠠ᠄ ᠣᠷᠳᠣᠰ ᠬᠤᠲᠠ ᠶᠢᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ︽ᠠᠯᠲᠠᠨᠭᠠᠨᠳᠠᠷ︾ ᠰᠡᠳᠬᠦᠯ ᠤᠨ ᠭᠤᠤᠯ | ᠨᠠᠶᠢᠷᠠᠭᠤᠯᠤᠭᠴᠢ ᠠ᠊ · ᠪᠤᠶᠠᠨ᠋ᠧᠴᠢᠷ ︵ᠠᠭᠤᠯᠭ᠎ᠠ᠄ ᠡᠨᠡ ᠤᠳᠠᠭᠠᠨ ᠤ ᠠᠵᠢᠯᠯᠠᠭ᠎ᠠ ᠳᠤ ᠬᠥᠯᠥᠨ ᠪᠤᠶᠢᠷ ᠤᠨ ᠵᠠᠯᠠᠭᠤ ᠵᠣᠬᠢᠶᠠᠯᠴᠢᠳ ᠪᠣᠯᠣᠨ ᠨᠠᠶᠢᠷᠠᠭᠤᠯᠤᠭᠴᠢᠳ ᠤᠨ | ᠰᠣᠯᠢᠯᠴᠠᠭ᠎ᠠ ᠨᠢ ᠵᠠᠯᠠᠭᠤ ᠵᠣᠬᠢᠶᠠᠯᠴᠢᠳ ᠤᠨ ᠦᠰᠦᠨ ᠪᠤᠶᠢᠵᠢᠯᠲᠠ ᠪᠠ ᠵᠤᠬᠢᠶᠠᠨ ᠪᠦᠳᠦᠬᠡᠬᠦ ᠬᠢᠷᠢ ᠬᠡᠮᠵᠢᠶ᠎ᠡ ᠪᠠᠨ ᠲᠡᠬᠡᠭᠰᠢᠯᠡᠬᠦᠯᠬᠦ ᠳᠤ ᠮᠠᠰᠢ ᠰᠠᠶᠢᠨ ᠦᠢᠯᠡᠳᠦᠯ | ᠦᠵᠡᠬᠦᠯᠬᠦ ᠪᠥᠭᠡᠳ ᠡᠨᠡ ᠤᠳᠠᠭᠠᠨ ᠤ ᠠᠵᠢᠯᠯᠠᠭ᠎ᠠ ᠨᠢ ᠶᠠᠭ ᠰᠠᠶᠢᠬᠠᠨ ᠲᠠᠯ᠎ᠠ ᠨᠤᠲᠤᠭ ᠤᠨ ᠡᠨᠡ ᠬᠦ ᠶᠡᠭᠡ ᠣᠷᠴᠢᠨ ᠲᠣᠭᠤᠷᠢᠨ ᠳᠤ ᠶᠠᠪᠤᠭᠳᠠᠵᠤ ᠪᠠᠶᠢᠭ᠎ᠠ ᠳᠤ | ᠮᠠᠰᠢ ᠪᠠᠶᠠᠷᠯᠠᠵᠤ ᠪᠠᠶᠢᠨ᠎ᠠ᠃ ᠡᠶᠢᠮᠦᠷᠬᠦᠦ ᠰᠣᠯᠢᠯᠴᠠᠭ᠎ᠠ ᠨᠢ ᠵᠣᠬᠢᠶᠠᠭᠴᠢᠳ ᠤᠨ ᠠᠪᠢᠶᠠᠰ ᠪᠢᠯᠢᠭ ᠢ ᠰᠡᠩᠬᠡᠷᠡᠭᠦᠯᠵᠦ᠂ ᠵᠣᠬᠢᠶᠠᠭᠴᠢᠳ ᠬᠤᠵᠢᠮ ᠯᠠᠪᠲᠠᠢ ᠨᠡᠩ ᠰᠠᠶᠢᠨ | ᠪᠦᠲᠦᠭᠡᠯ ᠢ ᠵᠣᠬᠢᠶᠠᠨ ᠪᠦᠲᠦᠭᠡᠬᠦ ᠶᠤᠮ᠃︶ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠮᠣᠩᠭᠤᠯ ᠬᠡᠯᠡᠨ ᠤ ᠬᠤᠭᠤᠴᠠᠭᠠᠲᠤ ᠰᠡᠳᠬᠦᠯ ᠤᠨ ᠨᠡᠶᠢᠭᠡᠮᠯᠢᠭ ᠵᠡᠷᠭᠡ | ᠨᠢᠭᠡᠴᠡ ᠠᠴᠠ ᠬᠠᠮᠵᠢᠨ ᠡᠷᠭᠢᠯᠡᠵᠦ᠂ ᠬᠥᠯᠥᠨ ᠪᠤᠶᠢᠷ ᠬᠤᠲᠠ ᠶᠢᠨ ᠤᠳᠬ᠎ᠠ ᠤᠷᠠᠯᠢᠭ ᠤᠨ ᠡᠲᠡᠬᠡᠤᠨ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠳᠠᠲᠠᠢ | ᠦᠢᠯᠡᠳᠦᠯᠭᠡ ᠪᠣᠯᠣᠨ᠎ᠠ᠃ ᠰᠣᠯᠢᠯᠴᠠᠭᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠮᠠᠨ ᠤ ᠬᠤᠰᠢᠭᠤᠨ ᠤ ᠵᠠᠯᠠᠭᠤ ᠵᠣᠬᠢᠶᠠᠯᠴᠢᠳ ᠤᠨ ᠵᠣᠬᠢᠶᠠᠨ ᠪᠦᠲᠦᠭᠡᠬᠦ | ᠤᠷᠮ᠎ᠠ ᠵᠣᠷᠢᠭ ᠢ ᠤᠯᠠᠮ ᠨᠢᠭᠡ ᠠᠯᠬᠤᠮ ᠬᠥᠭᠵᠢᠭᠡᠵᠦ᠂ ᠮᠣᠩᠭᠤᠯ ᠤᠳᠬ᠎ᠠ ᠵᠣᠬᠢᠶᠠᠯ ᠤᠨ ᠴᠡᠴᠡᠭᠯᠡᠨ ᠬᠥᠭᠵᠢᠬᠦ ᠶᠢ ᠠᠬᠢᠭᠤᠯᠬᠤ ᠪᠤᠯᠤᠨ᠎ᠠ᠃ |