︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾ ᠦᠢᠯᠡᠴᠢᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠮᠦᠩᠭᠡ | ᠰᠤᠪᠠᠭ︾ ᠤᠨ ᠰᠢᠯᠵᠢᠯᠲᠡ ᠶᠢᠨ ᠦᠵᠦᠭᠦᠷ ᠪᠠ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠶᠢᠨ ᠨᠠᠷᠠᠲᠤ ᠲᠡᠮᠳᠡᠭᠵᠢᠭᠦᠯᠬᠦ | ᠪᠠᠶᠢᠭᠤᠯᠤᠯᠲᠠ ᠶᠢ ᠳᠡᠭᠡᠭᠰᠢᠯᠡᠭᠦᠯᠬᠦ ᠶᠢᠨ ᠲᠥᠯᠥᠭᠡ᠃ 6 ᠰᠠᠷ᠎ᠠ ᠶᠢᠨ 13 ᠤ ᠡᠳᠦᠷ᠂ ᠭᠡᠭᠡᠨ ᠭᠤᠤᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ᠃ ︽ | ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾᠂ ︽ᠠᠵᠤ ᠠᠬᠤᠶᠢᠯᠠᠯ ᠳᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ︾᠂ ︽ᠮᠦᠩᠭᠡ ᠰᠤᠪᠠᠭ︾ ᠤᠨ ᠰᠢᠯᠵᠢᠯᠲᠡ ᠶᠢᠨ ᠦᠵᠦᠭᠦᠷ ᠵᠡᠷᠭᠡ ᠠᠭᠤᠯᠭ᠎ᠠ ᠶᠢᠨ ᠲᠣᠭᠤᠷᠢᠨ ᠳᠤ ᠤᠬᠠᠭᠤᠯᠭ᠎ᠠ ᠪᠠ ᠲᠠᠶᠢᠯᠤᠮᠵᠢ ᠬᠢᠪᠠ᠃ | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠠᠭᠤᠯᠭ᠎ᠠ᠂ ᠠᠵᠢᠯ ᠶᠠᠪᠤᠳᠠᠯ ᠭᠦᠢᠴᠡᠳᠭᠡᠬᠦ | ᠶᠠᠪᠤᠴᠠ ᠶᠢ ᠲᠠᠶᠢᠯᠪᠤᠷᠢᠯᠠᠨ ᠥᠭᠴᠦ᠂ ᠠᠷᠠᠳ ᠲᠦᠮᠡᠨ ᠢ ᠬᠠᠪᠰᠤᠷᠤᠨ ᠮᠥᠩᠬᠡ ᠰᠤᠪᠠᠭ ᠤᠨ ᠰᠢᠯᠵᠢᠯᠲᠡ ᠶᠢᠨ ᠦᠵᠦᠭᠦᠷ ᠤᠨ ᠪᠠᠶᠢᠴᠠᠭᠠᠨ ᠯᠠᠪᠯᠠᠬᠤ | ᠲᠤᠬᠠᠶᠢᠯᠠᠭᠰᠠᠨ ᠠᠵᠢᠯ ᠢ ᠳᠡᠩᠰᠡᠯᠡᠵᠦ ᠬᠡᠷᠡᠭᠯᠡᠭᠦᠯᠵᠦ᠂ ᠨᠡᠶᠢᠲᠡ 200 ᠭᠠᠷᠤᠶ ᠠᠷᠠᠳ ᠲᠦᠮᠡᠨ ᠢᠳᠡᠪᠬᠢᠲᠡᠶ ᠣᠷᠣᠯᠴᠠᠵᠤ᠂ ᠲᠤᠬᠠᠶ ᠶᠢᠨ ᠲᠠᠯᠠᠪᠤᠷ ᠲᠤ 100 | ᠭᠠᠷᠤᠶ ᠤᠳᠠᠭ᠎ᠠ ᠠᠰᠠᠭᠤᠨ ᠯᠠᠪᠯᠠᠬᠤ ᠶᠢᠨ ᠬᠠᠮᠲᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾᠂ ︽ᠭᠡᠭᠡᠨ ᠭᠤᠤᠯ ᠬᠤᠲᠠ ᠶᠢᠨ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠡᠮᠬᠢᠳᠬᠡᠯ︾ ᠪᠠ ︽ᠮᠥᠩᠬᠡ ᠰᠤᠪᠠᠭ︾ ᠤᠨ ᠰᠢᠯᠵᠢᠯᠲᠡ ᠶᠢᠨ ᠦᠵᠦᠭᠦᠷ ᠤᠨ ᠴᠠᠭᠠᠰᠤᠨ | ᠬᠠᠶᠢᠷᠴᠠᠭ ᠢ 200 ᠭᠠᠷᠤᠶ ᠬᠤᠪᠢ ᠲᠠᠷᠬᠠᠭᠠᠵᠤ᠂ ︽ᠮᠥᠩᠬᠡ ᠰᠤᠪᠠᠭ︾ ᠤᠨ ᠨᠠᠷᠠᠲᠤ ᠲᠡᠮᠳᠡᠭᠲᠦ ᠶᠢᠨ ᠠᠯᠳᠠᠷᠰᠢᠯ ᠢ ᠪᠦᠲᠦᠮᠵᠢᠲᠡᠶ ᠳᠡᠭᠡᠭᠰᠢᠯᠡᠭᠦᠯᠪᠡ᠃ | ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠠᠷᠠᠳ ᠲᠦᠮᠡᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾᠂ ︽ᠮᠥᠩᠬᠡ ᠰᠤᠪᠠᠭ︾ | ᠰᠢᠯᠵᠢᠯᠲᠡ ᠶᠢᠨ ᠦᠵᠦᠭᠦᠷ ᠵᠡᠷᠭᠡ ᠦᠢᠯᠡᠴᠢᠯᠡᠭᠡᠨ ᠤ ᠲᠤᠬᠠᠶ ᠣᠶᠢᠯᠠᠭᠠᠯᠲᠠ ᠪᠠᠨ ᠨᠠᠩ ᠭᠦᠨᠵᠡᠭᠡᠶᠢᠷᠡᠭᠦᠯᠵᠦ᠂ ᠠᠵᠢᠯ ᠶᠠᠪᠤᠳᠠᠯ ᠭᠦᠢᠴᠡᠳᠭᠡᠬᠦ ᠦᠷ᠎ᠡ | ᠪᠦᠲᠦᠮᠵᠢ ᠪᠠᠨ ᠢᠯᠡᠳᠲᠡ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮ ᠳᠥᠲᠡ ᠪᠠ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ | ᠣᠶᠢᠯᠠᠭᠠᠵᠤ ᠮᠡᠳᠡᠵᠡᠢ᠃ | ᠡᠭᠦᠨ ᠤ ᠬᠠᠮᠲᠤ᠂ ᠭᠡᠭᠡᠨ ᠭᠤᠤᠯ ᠬᠤᠲᠠ ᠶᠢᠨ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠲᠥᠪ ︵ᠥᠷᠲᠡᠭᠡ︶ ᠴᠦ ᠬᠠᠮᠲᠤ ᠪᠠᠷ ᠤᠬᠠᠭᠤᠯᠬᠤ ᠠᠵᠢᠯᠯᠠᠭ᠎ᠠ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠶᠢᠷ᠎ᠠ ᠬᠠᠪᠢ ᠳᠤᠨᠢ | ᠭᠦᠢᠴᠡᠳᠬᠡᠬᠦ︾ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠥᠨᠳᠥᠷ ᠳᠠᠪᠲᠠᠮᠵᠢᠲᠤ ᠵᠦᠢᠯᠡᠰ ᠢ ᠦᠨᠳᠦᠰᠦᠨ ᠱᠠᠲᠤᠨ ᠳᠤ ᠪᠠᠭᠤᠯᠭᠠᠵᠤ᠂ ᠥᠪᠡᠰᠦᠪᠡᠨ | ᠦᠢᠯᠡᠴᠢᠯᠡᠬᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠠᠷᠠᠳ ᠲᠦᠮᠡᠨ ᠤ ᠬᠡᠷ ᠤᠨ ᠬᠠᠵᠠᠭᠤ ᠳᠤ ᠥᠨᠳᠥᠷ ᠪᠦᠲᠦᠮᠵᠢᠲᠡᠶ ᠪᠥᠭᠡᠳ | ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠭᠥᠷᠳᠡᠬᠦ ᠶᠢ ᠦᠨᠡᠨ ᠬᠦ ᠪᠠᠲᠤᠯᠠᠪᠠ᠃ ᠡᠯ᠎ᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ | ︵ᠥᠷᠲᠡᠭᠡ︶ ᠨᠢ ᠨᠡᠶᠢᠲᠡ 600 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 600 ᠭᠠᠷᠤᠶ ᠤᠳᠠᠭ᠎ᠠ ᠠᠰᠠᠭᠤᠨ ᠯᠠᠪᠯᠠᠬᠤ ᠶᠢ ᠭᠥᠯᠢᠶᠡᠨ | ᠠᠪᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠳᠤᠤᠷᠠᠬᠢ ᠠᠭᠤᠰᠤᠯᠴᠠᠨ ᠬᠥᠭᠵᠢᠬᠦ ᠶᠢ ᠪᠦᠲᠦᠮᠵᠢᠲᠡᠶ ᠠᠬᠢᠭᠤᠯᠵᠤ | ᠂ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ |