ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶ᠎ᠠ 6 ᠳ᠋ᠤᠭᠠᠷ ᠰᠠᠷ᠎ᠠ ᠶᠢᠨ 30 ᠤ ᠡᠳᠦᠷ ᠬᠤᠷᠠᠯᠳᠤᠭᠠᠨ ᠬᠤᠷᠠᠯᠳᠤᠭᠤᠯᠵᠤ᠂ ︽ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠨ | ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠠᠵᠢᠯ ᠤᠨ ᠳᠦᠷᠢᠮ︾ ᠢ ᠬᠢᠨᠠᠨ ᠶᠠᠷᠢᠯᠴᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ | ᠫᠢᠩ ᠲᠣᠰ ᠬᠤᠷᠠᠯᠳᠤᠭᠠᠨ ᠢ ᠡᠷᠬᠢᠯᠡᠪᠡ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ ᠵᠥᠪᠯᠡᠵᠦ ᠵᠣᠬᠢᠴᠠᠭᠤᠯᠬᠤ | ᠪᠠᠶᠢᠭᠤᠯᠤᠮᠵᠢ ᠶᠢ ᠪᠠᠶᠢᠭᠤᠯᠬᠤ ᠪᠣᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠦᠷᠢᠨᠰᠢᠭᠦᠯᠬᠦ᠂ | ᠴᠢᠬᠤᠯᠠ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠦᠷᠢᠮ ᠤᠨ ᠴᠢᠬᠤᠯᠠ ᠲᠣᠬᠢᠷᠠᠭᠤᠯᠤᠯᠲᠠ ᠪᠣᠯᠣᠨ᠎ᠠ᠃ ︽ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠠᠵᠢᠯ ᠤᠨ ᠳᠦᠷᠢᠮ︾ ᠢ ᠲᠣᠭᠲᠠᠭᠠᠨ ᠨᠡᠶᠢᠲᠡᠯᠡᠵᠦ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ | ᠪᠠ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠬᠤ ᠨᠢ ᠴᠢᠬᠤᠯᠠ ᠶᠡᠭᠡ ᠠᠵᠢᠯ ᠳᠠᠬᠢ ᠦᠵᠦ ᠲᠥᠯᠥᠪᠯᠡᠭᠡ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ | ᠪᠦᠬᠦᠯᠢ ᠴᠣᠭᠴᠠ ᠪᠠᠷ ᠠᠬᠢᠭᠤᠯᠬᠤ᠂ ᠡᠭᠦᠷᠭᠡ ᠴᠢᠳᠠᠪᠬᠢ ᠶᠢ ᠰᠢᠮᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ ᠨᠢ ᠰᠠᠶᠢᠲᠤᠷ ᠪᠠᠳᠠᠷᠠᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ ᠵᠥᠪᠯᠡᠵᠦ ᠵᠣᠬᠢᠴᠠᠭᠤᠯᠬᠤ | ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠶᠡᠭᠡ ᠶᠠᠪᠤᠳᠠᠯ ᠢ ᠲᠥᠯᠥᠪᠯᠡᠬᠦ᠂ ᠶᠡᠭᠡ ᠶᠠᠪᠤᠳᠠᠯ ᠢ ᠵᠥᠪᠯᠡᠬᠦ | ᠂ ᠶᠡᠭᠡ ᠶᠠᠪᠤᠳᠠᠯ ᠢ ᠠᠳᠬᠤᠬᠤ ᠶᠢ ᠪᠠᠷᠢᠮᠲᠠᠯᠠᠵᠤ᠂ ᠴᠢᠬᠤᠯᠠ ᠶᠡᠭᠡ ᠠᠵᠢᠯ ᠳᠤ ᠨᠡᠩ ᠪᠦᠲᠦᠮᠵᠢᠲᠡᠢ ᠶᠡᠷᠦᠩᠬᠡᠶᠢᠯᠡᠭᠰᠡᠨ ᠵᠢᠯᠣᠭᠤᠳᠤᠯᠭ᠎ᠠ ᠪᠠ ᠵᠣᠬᠢᠴᠠᠭᠤᠯᠭ᠎ᠠ ᠶᠢ | ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠬᠦ ᠠᠴᠠ ᠪᠢᠰᠢ ᠲᠡᠭᠦᠨ ᠢ ᠣᠷᠣᠯᠠᠨ ᠪᠡᠶᠡᠯᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠪᠢᠰᠢ ᠡᠷᠬᠡ | ᠳᠠᠪᠠᠭᠤᠯᠤᠨ ᠬᠡᠷᠡᠭᠵᠢᠭᠦᠯᠬᠦ ᠪᠢᠰᠢ ᠪᠠᠶᠢᠬᠤ ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠢᠢᠳᠪᠦᠷᠢᠲᠦ ᠪᠣᠳᠣᠯᠭ᠎ᠠ ᠲᠣᠭᠲᠠᠭᠠᠨ ᠬᠡᠷᠡᠭ | ᠵᠥᠪᠯᠡᠬᠦ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠳᠠᠲᠠᠢ ᠲᠠᠢ ᠨᠡᠶᠢᠴᠡᠭᠰᠡᠨ᠂ ᠪᠦᠲᠦᠮᠵᠢᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠳᠤᠷᠠᠳᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ ᠭᠡᠵᠡᠢ᠃ | | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ |