ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 30 ᠤ ᠴᠠᠭᠢᠯᠭᠠᠨ ᠮᠡᠳᠡᠭᠡ 7 ᠰᠠᠷ᠎ᠠ ᠶᠢᠨ 1 ᠤ ᠡᠳᠦᠷ ᠬᠡᠪᠯᠡᠭᠳᠡᠭᠰᠡᠨ 13 ᠳ᠋ᠤᠭᠠᠷ ᠬᠤᠭᠤᠴᠠᠭ᠎ᠠ ᠶᠢᠨ | ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ | ᠠᠭᠤᠤ ᠦᠢᠯᠡᠰ ᠢ ᠡᠭᠦᠳᠦᠨ ᠪᠦᠲᠦᠭᠡᠬᠦ ᠳᠤ ᠵᠠᠪᠠᠯ ᠶᠠᠪᠤᠬᠤ ᠵᠠᠮ ᠮᠥᠨ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ | ᠫᠢᠩ ᠤᠨ 2016 ᠣᠨ ᠤ 10 ᠰᠠᠷ᠎ᠠ ᠠᠴᠠ 2025 ᠣᠨ ᠤ 4 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ | ᠲᠣᠪᠴᠢᠯᠠᠯ ᠪᠣᠯᠣᠨ᠎ᠠ᠃ | ᠵᠣᠬᠢᠶᠠᠯ ᠳᠤ᠂ ᠬᠦᠴᠦᠨ ᠴᠢᠳᠠᠯ ᠪᠣᠯ ᠪᠦᠯᠬᠦᠮᠳᠡᠯ ᠠᠴᠠ ᠢᠷᠡᠯᠲᠡ ᠲᠠᠢ᠂ ᠵᠣᠯ ᠵᠢᠷᠭᠠᠯ ᠪᠣᠯ ᠲᠡᠮᠡᠴᠡᠯ ᠠᠴᠠ ᠢᠷᠡᠯᠲᠡ ᠲᠠᠢ ᠶᠤᠮ᠃ ᠪᠦᠯᠬᠦᠮᠳᠡᠨ ᠲᠡᠮᠡᠴᠡᠵᠦ | ᠴᠢᠳᠠᠬᠤ ᠦᠨᠳᠦᠰᠦᠲᠡᠨ ᠰᠠᠶ᠋ᠢ ᠢᠷᠡᠭᠡᠳᠦᠢ ᠲᠠᠢ ᠪᠠᠶᠢᠵᠤ᠂ ᠪᠦᠯᠬᠦᠮᠳᠡᠨ ᠲᠡᠮᠡᠴᠡᠵᠦ ᠴᠢᠳᠠᠬᠤ ᠲᠦᠷᠦ ᠶᠢᠨ ᠨᠠᠮ ᠰᠠᠶ᠋ᠢ ᠢᠯᠠᠭᠳᠠᠰᠢ ᠦᠭᠡᠢ ᠪᠠᠶᠢᠷᠢᠨ ᠳᠤ ᠪᠠᠶᠢᠵᠤ | ᠴᠢᠳᠠᠨ᠎ᠠ᠃ ᠳᠤᠮᠳᠠᠳᠤ ᠤᠯᠤᠰ ᠤᠨ ᠠᠷᠠᠳ ᠲᠦᠮᠡᠨ ᠪᠣᠯ ᠠᠭᠤᠤ ᠶᠡᠭᠡ ᠪᠦᠯᠬᠦᠮᠳᠡᠯ ᠤᠨ ᠵᠣᠷᠢᠭ ᠰᠠᠨᠠᠭ᠎ᠠ᠂ ᠠᠭᠤᠤ ᠶᠡᠭᠡ ᠲᠡᠮᠡᠴᠡᠯ ᠤᠨ ᠵᠣᠷᠢᠭ ᠰᠠᠨᠠᠭ᠎ᠠ ᠲᠠᠢ | ᠠᠷᠠᠳ ᠲᠦᠮᠡᠨ ᠮᠥᠨ᠃ ᠨᠠᠮ ᠪᠠ ᠠᠷᠠᠳ ᠲᠦᠮᠡᠨ ᠤ ᠣᠯᠣᠭᠰᠠᠨ ᠠᠯᠢᠪᠠ ᠠᠮᠵᠢᠯᠲᠠ ᠪᠦᠲᠦᠮᠵᠢ ᠪᠣᠯ ᠴᠥᠮ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ | ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠤ ᠤᠶᠤᠨ ᠰᠠᠨᠠᠭᠠᠨ ᠤ ᠬᠠᠮᠤᠭ ᠤᠨ ᠢᠯᠡᠷᠬᠡᠢ | ᠪᠡᠯᠭᠡ ᠲᠡᠮᠳᠡᠭ ᠮᠥᠨ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠲᠡᠮᠡᠴᠡᠯ ᠤᠨ ᠬᠠᠷᠠᠯᠲᠠ ᠶᠢ ᠲᠣᠳᠣᠷᠬᠠᠶᠢᠯᠠᠬᠤ ᠶᠢᠨ ᠲᠣᠭᠤᠷᠢᠨ ᠳᠤ ᠪᠦᠷᠢᠯᠳᠦᠭᠰᠡᠨ ᠪᠦᠯᠬᠦᠮᠳᠡᠯ ᠪᠣᠯ ᠰᠠᠶ᠋ᠢ ᠬᠠᠮᠤᠭ ᠤᠨ ᠪᠠᠲᠤ ᠪᠦᠯᠬᠦᠮᠳᠡᠯ | ᠮᠥᠨ᠂ ᠨᠢᠭᠲᠠ ᠪᠦᠯᠬᠦᠮᠳᠡᠯ ᠳᠤ ᠲᠦᠰᠢᠭᠯᠡᠨ ᠬᠢᠬᠦ ᠲᠡᠮᠡᠴᠡᠯ ᠪᠣᠯ ᠰᠠᠶ᠋ᠢ ᠬᠠᠮᠤᠭ ᠤᠨ ᠬᠦᠴᠦᠲᠡᠢ ᠲᠡᠮᠡᠴᠡᠯ ᠮᠥᠨ᠃ ᠰᠢᠨ᠎ᠡ ᠠᠶᠠᠨ ᠳᠤ ᠪᠢᠳᠡ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠲᠦᠰᠢᠭᠯᠡᠨ ᠤᠯᠠᠮ ᠨᠢᠭᠡ ᠠᠯᠬᠤᠮ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠯᠬᠦᠮᠳᠡᠨ | ᠲᠡᠮᠡᠴᠡᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠶᠢᠨ ᠦᠢᠯᠡᠰ ᠮᠥᠨ᠂ ᠪᠠᠰᠠ ᠴᠤ ᠠᠶᠤᠯ | ᠲᠦᠭᠰᠢᠭᠦᠷᠢ ᠥᠷᠢᠰᠦᠯᠳᠦᠭᠡᠨ ᠢᠶᠠᠷ ᠳᠦᠭᠦᠷᠦᠭᠰᠡᠨ᠂ ᠰᠢᠷᠭᠠᠭᠤ ᠴᠢᠷᠮᠠᠶᠢᠯᠭ᠎ᠠ ᠭᠠᠷᠭᠠᠬᠤ ᠴᠢᠬᠤᠯᠠᠲᠠᠢ ᠠᠤᠭ᠎ᠠ ᠦᠢᠯᠡᠰ ᠮᠥᠨ᠂ ᠡᠷᠬᠡᠪᠰᠢ ᠪᠦᠭᠦ ᠠᠷᠠᠳ | ᠲᠦᠮᠡᠨ ᠤ ᠬᠠᠮᠲᠤ ᠪᠠᠷ ᠣᠷᠤᠯᠴᠠᠬᠤ᠂ ᠬᠠᠮᠲᠤ ᠪᠠᠷ ᠪᠦᠲᠦᠭᠡᠨ ᠪᠠᠶᠢᠭᠤᠯᠬᠤ᠂ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠪᠦᠭᠦ ᠠᠷᠠᠳ ᠲᠦᠮᠡᠨ ᠤ ᠰᠡᠳᠬᠢᠯ | ᠨᠢᠭᠡᠳᠦᠨ ᠬᠠᠮᠲᠤᠷᠠᠯᠴᠠᠬᠤ᠂ ᠠᠤᠭ᠎ᠠ ᠦᠢᠯᠡᠰ ᠢ ᠬᠠᠮᠲᠤ ᠪᠠᠷ ᠪᠦᠲᠦᠭᠡᠬᠦ ᠳᠤ ᠨᠢᠭᠲᠠ ᠲᠦᠰᠢᠭᠯᠡᠬᠦ ᠬᠡᠷᠡᠭᠲᠡᠢ᠃ ᠡᠷᠬᠡᠪᠰᠢ ᠳᠤᠮᠳᠠᠳᠤ ᠶᠢᠨ ᠬᠥᠪᠡᠭᠦᠳ ᠥᠬᠢᠳ ᠤᠨ | ᠶᠡᠭᠡ ᠪᠦᠯᠬᠦᠮᠳᠡᠯ ᠢ ᠴᠢᠩᠭᠠᠳᠬᠠᠵᠤ᠂ ᠬᠠᠮᠤᠭ ᠤᠨ ᠥᠷᠭᠡᠨ ᠳᠡᠯᠭᠡᠷ ᠨᠢᠭᠡᠳᠦᠮᠡᠯ ᠹᠷᠣᠨᠲ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠪᠦᠯᠬᠦᠮᠳᠡᠵᠦ | ᠪᠤᠯᠬᠤ ᠬᠦᠴᠦᠨ ᠪᠦᠭᠦᠨ ᠲᠠᠢ ᠪᠦᠯᠬᠦᠮᠳᠡᠵᠦ᠂ ᠳᠠᠶᠢᠴᠢᠯᠠᠵᠤ ᠪᠤᠯᠬᠤ ᠢᠳᠡᠪᠬᠢ ᠬᠦᠴᠦᠨ ᠵᠦᠢᠯ ᠪᠦᠭᠦᠨ ᠢ ᠳᠠᠶᠢᠴᠢᠯᠠᠵᠤ᠂ ᠬᠠᠮᠲᠤ ᠪᠠᠷ ᠲᠡᠮᠡᠴᠡᠬᠦ ᠬᠦᠴᠦᠨ ᠢ | ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠵᠣᠯ ᠵᠢᠷᠭᠠᠯ ᠢ ᠲᠡᠮᠡᠴᠡᠵᠦ ᠪᠠᠶᠢᠭᠠᠳ ᠣᠯᠳᠠᠭ ᠶᠤᠮ᠂ ᠲᠡᠮᠡᠴᠡᠯ ᠤᠨ ᠲᠤᠰ ᠪᠡᠶ᠎ᠡ ᠪᠣᠯ ᠳᠠᠷᠤᠢ ᠨᠢᠭᠡ ᠵᠦᠢᠯ ᠤᠨ ᠵᠣᠯ ᠵᠢᠷᠭᠠᠯ ᠮᠥᠨ᠃ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠡᠭᠦᠷᠭᠡ ᠶᠢ ᠲᠡᠮᠡᠴᠡᠯ ᠢᠶᠠᠷ ᠪᠡᠶᠡᠯᠡᠭᠦᠯᠬᠦ ᠬᠡᠷᠡᠭᠲᠡᠢ᠂ ᠬᠥᠮᠥᠨ ᠤ ᠠᠮᠢᠳᠤᠷᠠᠯ ᠤᠨ ᠬᠦᠰᠡᠯᠡᠩ ᠢᠶᠠᠨ ᠲᠡᠮᠡᠴᠡᠯ ᠢᠶᠠᠷ | ᠪᠡᠶᠡᠯᠡᠭᠦᠯᠬᠦ ᠬᠡᠷᠡᠭᠲᠡᠢ᠃ ᠲᠡᠮᠡᠴᠡᠯ ᠪᠣᠯ ᠬᠠᠲᠠᠭᠤᠵᠢᠯᠲᠠᠢ᠂ ᠤᠷᠳᠤ ᠬᠤᠭᠤᠴᠠᠭᠠᠨ ᠤ᠂ ᠮᠤᠷᠤᠢ ᠰᠠᠷᠤᠢ ᠪᠠᠶᠢᠳᠠᠭ᠂ ᠡᠷᠬᠡᠪᠰᠢ ᠨᠡᠩ ᠪᠡᠷᠬᠡ ᠬᠠᠲᠠᠭᠤ᠂ ᠨᠡᠩ | ᠲᠡᠰᠪᠦᠷᠢ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠥᠭᠡᠷᠡᠴᠢᠯᠡᠯᠲᠡ ᠬᠥᠭᠵᠢᠯᠲᠡ ᠶᠠᠭ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ | ᠴᠢᠬᠤᠯᠠ ᠱᠠᠲᠤᠨ ᠳᠤ ᠣᠷᠣᠰᠢᠵᠤ ᠪᠠᠶᠢᠨ᠎ᠠ᠂ ᠤᠷᠤᠭᠰᠢᠯᠠᠯᠲᠠ ᠶᠢᠨ ᠵᠠᠮ ᠳᠡᠭᠡᠷ᠎ᠡ᠂ ᠪᠢᠳᠡᠨ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠲᠡᠮᠡᠴᠡᠯ ᠴᠥᠭᠡᠨ ᠪᠤᠰᠤ | ᠶᠤᠮ᠃ ᠪᠦᠰᠡᠯᠡᠯᠲᠡ᠂ ᠬᠤᠷᠢᠭᠯᠠᠯᠲᠠ᠂ ᠴᠣᠬᠢᠯᠲᠠ ᠶᠢᠨ ᠡᠮᠦᠨ᠎ᠡ᠂ ᠪᠢᠳᠡ ᠢᠲᠡᠭᠡᠯ ᠲᠡᠭᠦᠯᠳᠡᠷ ᠢᠶᠠᠷ ᠲᠡᠮᠡᠴᠡᠯ ᠬᠢᠬᠦ ᠬᠡᠷᠡᠭᠲᠡᠢ᠃ ᠡᠷᠬᠡᠪᠰᠢ ᠲᠡᠮᠡᠴᠡᠯ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠭᠯᠡᠯ ᠢ ᠡᠵᠡᠮᠳᠡᠵᠦ᠂ ᠲᠡᠮᠡᠴᠡᠯ ᠤᠨ ᠵᠢᠮ᠎ᠡ ᠶᠣᠰᠣ ᠶᠢ ᠡᠵᠡᠮᠰᠢᠵᠦ᠂ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠵᠤ᠂ | ᠬᠦᠨᠳᠦ ᠶᠡᠭᠡ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠦᠨᠳᠦ ᠶᠡᠭᠡ ᠬᠠᠷᠰᠢ ᠰᠠᠭᠠᠳ ᠢ ᠢᠯᠠᠨ | ᠳᠠᠪᠠᠵᠤ᠂ ᠬᠦᠨᠳᠦ ᠶᠡᠭᠡ ᠵᠥᠷᠢᠴᠡᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ ᠤᠨ ᠰᠢᠨ᠎ᠡ ᠢᠯᠠᠯᠲᠠ ᠶᠢ ᠲᠠᠰᠤᠷᠠᠯᠲᠠ ᠦᠭᠡᠢ ᠲᠡᠮᠡᠴᠡᠨ | ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠪᠦᠯᠬᠦᠮᠳᠡᠨ ᠲᠡᠮᠡᠴᠡᠬᠦ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠳᠤ ᠵᠠᠪᠠᠯ | ᠶᠠᠪᠤᠬᠤ ᠵᠠᠮ ᠮᠥᠨ᠃ ᠪᠢᠳᠡ ᠪᠦᠯᠬᠦᠮᠳᠡᠨ ᠲᠡᠮᠡᠴᠡᠬᠦ ᠳᠤ ᠲᠦᠰᠢᠭᠯᠡᠨ ᠭᠡᠷᠡᠯ ᠰᠠᠴᠤᠷᠠᠩᠭᠤᠢ ᠲᠡᠦᠬᠡ ᠶᠢ ᠡᠭᠦᠳᠦᠨ ᠪᠦᠲᠦᠭᠡᠪᠡ᠂ ᠪᠠᠰᠠ ᠪᠦᠯᠬᠦᠮᠳᠡᠨ ᠲᠡᠮᠡᠴᠡᠬᠦ ᠳᠤ | ᠲᠦᠰᠢᠭᠯᠡᠨ ᠰᠠᠶᠢᠨ ᠰᠠᠶᠢᠬᠠᠨ ᠢᠷᠡᠭᠡᠳᠦᠢ ᠪᠠᠨ ᠨᠡᠭᠡᠭᠡᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠪᠦᠯᠬᠦᠮᠳᠡᠨ ᠨᠢᠭᠡᠳᠴᠦ᠂ ᠪᠦᠭᠦᠳᠡᠭᠡᠷ ᠰᠡᠳᠬᠢᠯ ᠨᠢᠭᠡᠳᠦᠨ ᠪᠣᠯᠣᠳ ᠬᠡᠷᠡᠮ ᠪᠣᠯᠵᠤ᠂ ᠵᠣᠷᠢᠭᠲᠠᠢ ᠲᠡᠮᠡᠴᠡᠵᠦ᠂ ᠴᠢᠳᠠᠮᠠᠭᠠᠢ ᠲᠡᠮᠡᠴᠡᠳᠡᠭ ᠯᠡ ᠶᠤᠮ ᠪᠣᠯ | ᠪᠢᠳᠡ ᠯᠠᠪᠲᠠᠢ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠵᠤ᠂ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠤᠷᠤᠭᠰᠢᠯᠠᠭᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃ |