ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ — ᠰᠤᠷᠲᠠᠯ ᠢ ᠠᠳᠬᠤᠬᠤ ᠠᠴᠠ ᠭᠠᠷᠲᠠᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2025/7/3
     ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 30 ᠤ ᠴᠠᠭᠢᠯᠭᠠᠨ ᠮᠡᠳᠡᠭᠡ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 6 ᠰᠠᠷ᠎ᠠ ᠶᠢᠨ 30 ᠤ ᠦᠳᠡ ᠶᠢᠨ ᠬᠤᠶᠢᠨ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ︽ᠳᠥᠷᠪᠡᠨ ᠰᠤᠷᠲᠠᠯ︾ ᠢ ᠵᠠᠯᠠᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠬᠤᠷᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ᠂ ᠪᠦᠭᠦ ᠤᠯᠤᠰ ᠤᠨ ᠥᠷᠭᠡᠨ ᠤᠯᠠᠨ ᠡᠪ ᠬᠠᠮᠲᠤ ᠨᠠᠮ ᠤᠨ ᠭᠡᠰᠢᠭᠦᠨ ᠳᠤ ︽7 · 1︾ ᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ︕ ᠲᠡᠷᠡ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠥᠪᠡᠷ ᠪᠡᠶ᠎ᠡ ᠶᠢᠨ ᠬᠤᠪᠢᠰᠬᠠᠯ ᠬᠢᠬᠦ ᠪᠣᠯ ᠮᠠᠨ ᠤ ᠨᠠᠮ ᠤᠨ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ ᠲᠡᠦᠬᠡᠨ ᠦᠶᠡᠯᠡᠯ ᠠᠴᠠ ᠮᠤᠯᠲᠤᠷᠠᠬᠤ ᠬᠤᠶᠠᠳᠤᠭᠠᠷ ᠬᠠᠷᠢᠭᠤᠯᠲᠠ ᠪᠣᠯᠣᠨ᠎ᠠ᠂ ᠰᠤᠷᠲᠠᠯ ᠢ ᠠᠳᠬᠤᠬᠤ ᠠᠴᠠ ᠭᠠᠷᠳᠠᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠴᠢᠬᠤᠯᠠ ᠲᠤᠷᠰᠢᠯᠭ᠎ᠠ ᠪᠣᠯᠣᠨ᠎ᠠ᠃ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠬᠤ ᠳᠤ ᠲᠠᠨᠢᠯᠲᠠ ᠪᠠᠨ ᠳᠡᠭᠡᠭᠰᠢᠯᠡᠭᠦᠯᠭᠦ᠂ ᠨᠠᠮᠴᠢ ᠴᠢᠨᠠᠷ ᠢᠶᠠᠨ ᠴᠢᠩᠭᠠᠳᠬᠠᠬᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠳᠠᠯᠠᠬᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠬᠢᠨᠠᠯᠲᠠ ᠲᠠᠯᠪᠢᠬᠤ ᠲᠠᠰᠤᠭ ᠤᠨ ᠡᠷᠭᠢᠯᠡᠭᠴᠢ ᠵᠤᠤ ᠪᠦᠦ ᠭᠦᠸᠧ ᠨᠥᠬᠦᠷ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃    ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠪᠠᠨ ᠪᠠᠲᠤᠵᠢᠭᠤᠯᠬᠤ ᠠᠷᠭ᠎ᠠ ᠮᠥᠨ᠂ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠢ ᠠᠷᠭ᠎ᠠ ᠬᠡᠮᠵᠢᠶ᠎ᠡ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠨᠠᠢᠮᠠᠨ ᠲᠣᠭᠲᠠᠭᠠᠯ ᠢᠶᠠᠷ ᠡᠭᠢᠯᠡᠯᠳᠡ ᠪᠣᠯᠭᠠᠨ ᠠᠰᠠᠭᠤᠳᠠᠯ ᠢ ᠰᠢᠢᠳᠪᠦᠷᠢᠯᠡᠵᠦ᠂ ᠲᠡᠮᠦᠷ ᠮᠡᠲᠦ ᠳᠦᠷᠢᠮ ᠢ ᠲᠣᠭᠲᠠᠭᠠᠬᠤ᠂ ᠬᠠᠲᠠᠭᠤ ᠪᠠᠷ ᠬᠢᠵᠠᠭᠠᠷᠯᠠᠬᠤ ᠶᠢ ᠪᠠᠷᠢᠮᠲᠠᠯᠠᠵᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠲᠥᠪ ᠤᠨ ᠤᠯᠤᠰ ᠲᠦᠷᠦ ᠶᠢᠨ ᠲᠣᠪᠴᠢᠶ᠎ᠠ ᠲᠦᠷᠦᠭᠦᠯᠡᠨ ᠬᠢᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ︽ᠳᠥᠷᠪᠡᠨ ᠰᠤᠷᠲᠠᠯ︾ ᠢ ᠵᠠᠯᠠᠷᠠᠭᠤᠯᠬᠤ ᠳᠤ ᠲᠥᠪᠯᠡᠷᠡᠩᠭᠦᠢ ᠬᠥᠮᠦᠵᠢᠯ ᠬᠢᠬᠦ ᠪᠠ ᠠᠯᠢ ᠣᠯᠠᠨ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤ ᠠᠳᠬᠤᠬᠤ ᠨᠠᠷᠢᠯᠢᠭ ᠠᠳᠬᠤᠬᠤ ᠤᠷᠲᠤ ᠬᠤᠭᠤᠴᠠᠭ᠎ᠠ ᠪᠠᠷ ᠠᠳᠬᠤᠬᠤ ᠶᠢ ᠪᠠᠷᠢᠮᠲᠠᠯᠠᠵᠤ᠂ ᠨᠢᠭᠡ ᠭᠤᠭᠴᠤᠭ᠎ᠠ ᠨᠢᠭᠡ ᠭᠤᠭᠴᠤᠭ᠎ᠠ ᠪᠠᠷ ᠪᠠᠲᠤ ᠰᠠᠬᠢᠬᠤ ᠪᠠ ᠠᠬᠢᠭᠤᠯᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠥᠩᠭᠡᠷᠡᠭᠰᠡᠨ ᠳᠤ ᠬᠤᠷᠢᠭᠯᠠᠵᠤ ᠳᠡᠶᠢᠯᠭᠦ ᠦᠭᠡᠢ ᠭᠡᠵᠦ ᠦᠵᠡᠵᠦ ᠪᠠᠶᠢᠭᠰᠠᠨ ᠴᠥᠭᠡᠨ ᠪᠤᠰᠤ ᠭᠠᠵᠢᠭᠤ ᠰᠤᠷᠲᠠᠯ ᠢ ᠬᠤᠷᠢᠭᠯᠠᠵᠤ᠂ ᠣᠯᠠᠨ ᠵᠢᠯ ᠤᠨ ᠲᠤᠷᠰᠢ ᠠᠷᠢᠯᠭᠠᠵᠤ ᠳᠡᠶᠢᠯᠭᠦ ᠦᠭᠡᠢ ᠪᠠᠶᠢᠭᠰᠠᠨ ᠠᠷᠬᠠᠭ ᠭᠡᠮ ᠢ ᠠᠷᠢᠯᠭᠠᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠮᠠᠰᠢ ᠣᠯᠠᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠴᠣ ᠰᠢᠨ᠎ᠡ ᠪᠣᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠦᠪᠰᠢᠨ ᠪᠦᠬᠦᠯᠢ ᠴᠣᠭᠴᠠ ᠪᠠᠷ ᠳᠡᠭᠡᠭᠰᠢᠯᠡᠬᠦ ᠶᠢ ᠠᠬᠢᠭᠤᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠪᠠ ᠭᠡᠵᠦ ᠵᠢᠭᠠᠵᠤ ᠭᠠᠷᠭᠠᠵᠠᠢ᠃    ᠰᠢ ᠶᠢᠨ ᠫᠢᠩ᠂ ᠮᠠᠨ ᠤ ᠨᠠᠮ ᠤᠨ ᠡᠭᠦᠷᠭᠡᠯᠡᠵᠦ ᠪᠠᠶᠢᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠲᠦᠢᠯ ᠤᠨ ᠬᠦᠨᠳᠦ᠂ ᠲᠤᠯᠭᠠᠷᠠᠵᠤ ᠪᠠᠶᠢᠭ᠎ᠠ ᠲᠦᠷᠦ ᠪᠠᠷᠢᠬᠤ ᠣᠷᠴᠢᠨ ᠲᠦᠢᠯ ᠤᠨ ᠪᠤᠳᠤᠯᠢᠶᠠᠨᠲᠠᠢ᠂ ᠥᠪᠡᠷ ᠪᠡᠶ᠎ᠡ ᠶᠢᠨ ᠬᠤᠪᠢᠰᠬᠠᠯ ᠬᠢᠬᠦ ᠡᠨᠡ ᠬᠦ ᠬᠥᠪᠴᠢ ᠶᠢ ᠡᠷᠬᠡᠪᠰᠢ ᠨᠡᠩ ᠴᠢᠩᠭᠠᠯᠠᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠠᠯᠢ ᠱᠠᠲᠤᠨ ᠳᠤ ᠪᠠᠶᠢᠭᠰᠠᠨ ᠴᠤ ᠲᠡᠷᠡ᠂ ᠶᠠᠮᠠᠷ ᠠᠵᠢᠯ ᠢ ᠬᠠᠷᠢᠭᠤᠴᠠᠵᠤ ᠪᠠᠶᠢᠭᠰᠠᠨ ᠴᠤ ᠴᠥᠮ ᠥᠪᠡᠷ ᠪᠡᠶ᠎ᠡ ᠶᠢᠨ ᠬᠤᠪᠢᠰᠬᠠᠯ ᠬᠢᠬᠦ ᠬᠠᠷᠢᠭᠤᠴᠠᠯᠭ᠎ᠠ ᠲᠠᠢ ᠪᠠᠶᠢᠬᠤ ᠬᠡᠷᠡᠭᠲᠡᠢ᠃ ᠤᠳᠤᠷᠢᠳᠬᠤ ᠺᠠᠳ᠋ᠷᠴᠤᠳ ᠡᠩ ᠲᠡᠷᠢᠭᠦᠨ ᠳᠤ ᠳᠡᠭᠡᠳᠦ ᠵᠡᠷᠭᠡ ᠶᠢᠨ ᠺᠠᠳ᠋ᠷᠴᠤᠳ ᠨᠡᠩ ᠴᠤ ᠥᠪᠡᠷ ᠪᠡᠶ᠎ᠡ ᠶᠢᠨ ᠬᠤᠪᠢᠰᠬᠠᠯ ᠬᠢᠬᠦ ᠲᠠᠯ᠎ᠠ ᠪᠠᠷ ᠪᠡᠶ᠎ᠡ ᠪᠠᠷ ᠢᠶᠠᠨ ᠬᠡᠪ ᠳᠦᠷᠢᠮ ᠪᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠰᠢ ᠶᠢᠨ ᠫᠢᠩ᠂ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠬᠤ ᠳᠤ ᠡᠷᠬᠡᠪᠰᠢ ᠤᠭ ᠦᠨᠳᠦᠰᠦ ᠶᠢ ᠨᠢ ᠪᠠᠬᠢᠵᠢᠭᠦᠯᠦᠨ ᠬᠥᠮᠥᠵᠢᠭᠦᠯᠵᠦ᠂ ᠨᠠᠮᠴᠢ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠨᠠᠮᠴᠢ ᠴᠢᠨᠠᠷ ᠢᠶᠠᠨ ᠴᠢᠩᠭᠠᠳᠬᠠᠬᠤ ᠶᠢᠨ ᠭᠤᠣᠯᠳᠠᠯᠭ᠎ᠠ ᠨᠢ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠠᠷᠠᠳ ᠲᠦᠮᠡᠨ ᠤ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠶᠣᠰᠣ ᠰᠤᠷᠲᠠᠬᠤᠨ ᠵᠠᠩ ᠴᠢᠨᠠᠷ ᠢᠶᠠᠨ ᠴᠡᠪᠡᠷᠰᠢᠭᠦᠯᠵᠦ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠲᠤᠯᠠᠬᠤ ᠳᠤ ᠪᠠᠶᠢᠨ᠎ᠠ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠡᠪ ᠬᠠᠮᠲᠤᠴᠤᠳ ᠤᠨ ᠤᠶᠤᠨ ᠰᠠᠨᠠᠭᠠᠨ ᠤ ᠬᠥᠭᠡᠭᠡᠴᠡᠯᠳᠦᠯ ᠢ ᠪᠠᠲᠤ ᠰᠠᠬᠢᠬᠤ ᠭᠡᠷᠡᠭᠲᠡᠢ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠠᠵᠢᠯ ᠬᠢᠵᠦ ᠦᠢᠯᠡᠰ ᠪᠣᠰᠬᠠᠬᠤ ᠳᠤᠮᠳᠠ ᠡᠷᠡᠮᠡᠬᠡᠶᠢᠯᠡᠨ ᠲᠡᠮᠡᠴᠡᠵᠦ᠂ ᠠᠷᠠᠳ ᠲᠦᠮᠡᠨ ᠳᠤ ᠪᠤᠶᠠᠨ ᠦᠢᠯᠡᠳᠬᠦ ᠳᠤᠮᠳᠠ ᠶᠣᠰᠣ ᠰᠤᠷᠲᠠᠬᠤᠨ ᠤ ᠲᠦᠪᠰᠢᠨ ᠢᠶᠠᠨ ᠳᠡᠭᠡᠭᠰᠢᠯᠡᠭᠦᠯᠭᠦ ᠭᠡᠷᠡᠭᠲᠡᠢ︔ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠳᠤ ᠢᠳᠡᠪᠬᠢᠲᠡᠢ ᠣᠷᠣᠯᠴᠠᠵᠤ᠂ ᠵᠣᠷᠢᠭᠲᠠᠢ ᠪᠠᠷ ᠥᠪᠡᠷ ᠢ ᠪᠠᠨ ᠪᠠᠶᠢᠴᠠᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠪᠠ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠬᠥᠮᠥᠨ ᠰᠣᠩᠭᠤᠨ ᠬᠥᠮᠥᠨ ᠬᠡᠷᠡᠭᠯᠡᠬᠦ ᠳᠡᠭᠡᠨ ᠨᠠᠮᠴᠢ ᠴᠢᠨᠠᠷ ᠢ ᠢᠯᠭᠠᠨ ᠲᠠᠨᠢᠬᠤ ᠶᠢ ᠴᠢᠩᠭᠠᠳᠬᠠᠵᠤ᠂ ᠺᠠᠳ᠋ᠷ ᠤᠨ ᠤᠶᠤᠨ ᠰᠠᠨᠠᠭᠠᠨ ᠤ ᠠᠬᠤᠢ ᠪᠠᠶᠢᠳᠠᠯ ᠥᠨᠳᠥᠷᠴᠡ ᠪᠠ ᠦᠨᠡᠨᠴᠢ ᠰᠢᠳᠤᠷᠭᠤ ᠶᠢᠨ ᠬᠡᠮᠵᠢᠶ᠎ᠡ ᠠᠷᠢᠭᠤᠨ ᠴᠢᠬᠡᠴᠢ ᠶᠢᠨ ᠬᠡᠮᠵᠢᠶ᠎ᠡ ᠶᠢ ᠰᠢᠯᠭᠠᠨ ᠪᠠᠶᠢᠴᠠᠭᠠᠬᠤ ᠶᠢ ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠢᠯᠵᠢᠷᠡᠯ ᠢ ᠡᠰᠡᠷᠭᠦᠴᠡᠬᠦ ᠳᠤ ᠡᠷᠬᠡᠪᠰᠢ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠬᠡᠷᠡᠭᠲᠡᠢ᠃ ᠡᠷᠬᠡ ᠶᠢ ᠣᠯᠭᠤᠬᠤ ᠡᠷᠬᠡ ᠶᠢ ᠬᠡᠷᠡᠭᠯᠡᠬᠦ ᠡᠷᠬᠡ ᠶᠢ ᠬᠢᠵᠠᠭᠠᠷᠯᠠᠬᠤ ᠶᠢ ᠨᠢᠭᠡᠳᠦᠯᠲᠡᠢ ᠪᠠᠶᠢᠯᠭᠠᠬᠤ᠂ ᠢᠯᠡ ᠲᠣᠳᠣ ᠮᠥᠷᠳᠡᠵᠦ ᠪᠣᠯᠬᠤᠶᠢᠴᠠ ᠳᠦᠷᠢᠮ ᠲᠣᠭᠲᠠᠴᠠ ᠶᠢ ᠪᠦᠷᠢᠨᠰᠢᠭᠦᠯᠵᠦ᠂ ᠡᠷᠬᠡ ᠶᠢᠨ ᠠᠵᠢᠯᠯᠠᠭᠠᠨ ᠤ ᠳᠤᠲᠠᠭᠳᠠᠯ ᠢ ᠡᠷᠢᠵᠦ᠂ ᠳᠦᠷᠢᠮ ᠤᠨ ᠳᠤᠲᠠᠭᠤᠳᠠᠯ ᠢ ᠨᠥᠬᠦᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠡᠷᠬᠡ ᠶᠢᠨ ᠠᠵᠢᠯᠯᠠᠭᠠᠨ ᠳᠤ ᠪᠦᠭᠦ ᠶᠠᠪᠤᠴᠠ ᠪᠠᠷ ᠬᠢᠨᠠᠯᠲᠠ ᠲᠠᠯᠪᠢᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠠᠯᠢᠪᠠ ᠡᠷᠬᠡ ᠶᠢ ᠴᠥᠮ ᠠᠷᠠᠳ ᠲᠦᠮᠡᠨ ᠣᠯᠭᠤᠭᠰᠠᠨ ᠭᠡᠳᠡᠭ ᠢ ᠴᠠᠭ ᠢᠮᠠᠭᠲᠠ ᠪᠠᠲᠤ ᠴᠡᠭᠡᠵᠢᠯᠡᠵᠦ᠂ ᠢᠮᠠᠭᠲᠠ ᠠᠷᠠᠳ ᠲᠦᠮᠡᠨ ᠢ ᠭᠦᠨᠳᠦᠳᠭᠡᠵᠦ᠂ ᠵᠣᠬᠢᠶᠠᠨ ᠪᠠᠶᠢᠭᠤᠯᠤᠯᠲᠠ ᠶᠢ ᠭᠦᠨᠳᠦᠳᠭᠡᠵᠦ᠂ ᠬᠠᠤᠯᠢ ᠰᠠᠬᠢᠯᠭ᠎ᠠ ᠶᠢ ᠬᠦᠨᠳᠦᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ᠃    ᠰᠢ ᠶᠢᠨ ᠫᠢᠩ᠂ ᠴᠢᠩᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠬᠤᠷᠴᠠ ᠵᠡᠪᠰᠡᠭ ᠮᠥᠨ ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠡᠷᠬᠡᠪᠰᠢ ᠡᠷᠡᠰ ᠰᠢᠢᠳᠪᠦᠷᠢᠯᠡᠬᠦ ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠶᠠᠯᠳᠤᠭᠤᠯᠵᠤ᠂ ᠤᠯᠠᠨ ᠲᠦᠮᠡᠨ ᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢᠨ ︽ᠡᠮᠦᠨ᠎ᠡ ᠬᠠᠷᠠᠭᠤᠯ︾ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠡᠯ᠎ᠡ ᠲᠦᠷᠦᠯ ᠤᠨ ᠬᠢᠨᠠᠯᠲᠠ ᠶᠢᠨ ᠨᠡᠪᠲᠡᠷᠡᠯᠴᠡᠨ ᠵᠣᠬᠢᠴᠠᠯᠳᠤᠬᠤ ᠶᠢ ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠤ᠂ ᠨᠡᠪᠲᠡᠯᠬᠦ ᠬᠦᠴᠦᠨ ᠪᠠ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠭᠦ ᠬᠡᠷᠡᠭᠲᠡᠢ᠃ ᠰᠤᠷᠲᠠᠯ ᠢᠯᠵᠢᠷᠡᠯ ᠢ ᠵᠡᠷᠭᠡ ᠪᠠᠷ ᠪᠠᠶᠢᠴᠠᠭᠠᠵᠤ ᠵᠡᠷᠭᠡ ᠪᠠᠷ ᠵᠠᠰᠠᠬᠤ ᠡᠷᠴᠢᠮ ᠢ ᠴᠢᠩᠭᠠᠷᠠᠭᠤᠯᠵᠤ᠂ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠴᠢᠩᠭ᠎ᠠ ᠱᠠᠭᠠᠷᠳᠠᠯᠭ᠎ᠠ ᠶᠢ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ ᠶᠣᠰᠣ ᠳᠦᠷᠢᠮ ᠢ ᠬᠠᠲᠠᠭᠤ ᠴᠢᠩᠭ᠎ᠠ ᠪᠠᠶᠢᠯᠭᠠᠵᠤ᠂ ᠪᠦᠭᠦ ᠨᠠᠮ ᠳᠤ ᠡᠷᠡᠰ ᠴᠢᠩᠭ᠎ᠠ᠂ ᠤᠬᠳᠤ ᠨᠠᠶᠢᠷ ᠲᠠᠯᠪᠢᠬᠤ ᠦᠭᠡᠢ ᠳᠣᠬᠢᠶ᠎ᠠ ᠥᠭᠴᠦ᠂ ᠵᠢᠷᠦᠬᠡᠰᠢᠶᠡᠯᠭᠡᠬᠦ ᠦᠢᠯᠡᠳᠦᠯ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠵᠡᠷᠭᠡ ᠪᠦᠷᠢᠨ ᠪᠦᠲᠦᠨ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠵᠦ᠂ ᠬᠠᠷᠢᠭᠤᠴᠠᠯᠭ᠎ᠠ ᠨᠢᠭᠡᠪᠦᠷᠢ ᠶᠢ ᠴᠥᠮ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠵᠠᠩᠭᠢᠯᠠᠭ᠎ᠠ ᠶᠢᠨ ᠴᠥᠭᠡᠨ ᠲᠣᠭᠠᠲᠠᠨ︾ ᠪᠣᠯᠤᠭᠰᠠᠨ ᠤ ᠬᠤᠪᠢ ᠳᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠠᠷᠢᠶᠠᠨ ᠳᠠᠬᠢ ᠪᠠᠨ ᠴᠢᠩᠭ᠎ᠠ ᠬᠠᠮᠢᠶᠠᠷᠴᠤ᠂ ᠱᠠᠲᠤ ᠱᠠᠲᠤ ᠪᠠᠷ ᠳᠠᠷᠤᠯᠲᠠ ᠥᠭᠴᠦ᠂ ᠴᠢᠩᠭ᠎ᠠ ᠠᠭᠤᠷ ᠠᠮᠢᠰᠬᠤᠯ ᠢ ᠦᠨᠡᠨ ᠬᠦ ᠪᠤᠢ ᠪᠤᠯᠭᠠᠵᠤ᠂ ᠲᠥᠪ ᠰᠤᠷᠲᠠᠯ ᠢ ᠪᠤᠢ ᠪᠤᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠦᠭᠦ ᠨᠠᠮ ᠳᠤ ᠬᠡᠪ ᠳᠠᠭᠤᠷᠢᠶᠠᠯ ᠦᠵᠡᠭᠦᠯᠵᠦ᠂ ᠦᠯᠢᠭᠡᠷ ᠳᠠᠭᠤᠷᠢᠶᠠᠯ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠡᠯ᠎ᠡ ᠵᠦᠢᠯ ᠤᠨ ᠲᠥᠪ ᠪᠤᠰᠤ ᠰᠤᠷᠲᠠᠯ ᠢ ᠴᠢᠩᠭ᠎ᠠ ᠬᠤᠷᠢᠭᠯᠠᠵᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠡᠬᠢᠯᠡᠭᠦᠯᠵᠦ ᠰᠠᠶᠢᠲᠤᠷ ᠲᠡᠭᠦᠰᠬᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ