6 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠨᠤᠭᠤ ᠴᠥᠯᠡᠷᠬᠡᠭ | ᠭᠠᠵᠠᠷ ᠲᠠᠬᠢ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠬᠡᠮᠵᠢᠯᠲᠡ ᠳᠤ ᠬᠢᠨᠠᠨ ᠰᠢᠯᠭᠠᠬᠤ ᠲᠣᠭᠲᠠᠯᠴᠠᠭ᠎ᠠ ᠪᠠᠶᠢᠭᠤᠯᠬᠤ ᠠᠵᠢᠯ ᠤᠨ ᠡᠬᠢᠯᠡᠯᠲᠡ ᠶᠢᠨ ᠶᠣᠰᠣᠯᠠᠯ | ᠬᠥᠬᠡᠬᠤᠲᠠ ᠶᠢᠨ ᠲᠣᠭᠲᠠᠬᠤ ᠰᠢᠶᠠᠨ ᠤ ᠪᠣᠳᠠ ᠮᠣᠳᠣᠨ ᠤ ᠣᠶ ᠶᠢᠨ ᠥᠯᠢᠭᠡᠷ ᠭᠠᠵᠠᠷ ᠤᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠲᠤ ᠶᠠᠪᠤᠭᠳᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠢᠨᠠᠨ ᠰᠢᠯᠭᠠᠬᠤ ᠲᠥᠯᠥᠪᠵᠢᠭᠦᠯᠭᠡ ᠶᠢᠨ | ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠢᠨᠠᠨ ᠰᠢᠯᠭᠠᠬᠤ ᠬᠤᠶᠠᠳᠤᠭᠠᠷ ᠲᠥᠯᠥᠪᠵᠢᠭᠦᠯᠭᠡ ᠶᠢᠨ ᠬᠦᠷᠢᠶᠡᠯᠡᠩ᠂ | ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠲᠥᠯᠥᠪᠵᠢᠭᠦᠯᠭᠡ ᠶᠢᠨ ᠬᠦᠷᠢᠶᠡᠯᠡᠩ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠪᠠᠶᠢᠴᠠᠭᠠᠯᠲᠠ ᠪᠠ ᠲᠥᠯᠥᠪᠵᠢᠭᠦᠯᠭᠡ ᠶᠢᠨ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠣᠭᠲᠠᠷᠭᠤᠶ ᠶᠢᠨ ᠮᠡᠳᠡᠭᠡ ᠵᠠᠩᠭᠢ ᠶᠢᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠳ ᠪᠠ ᠮᠡᠷᠭᠡᠵᠢᠯ ᠤᠨ | ᠠᠵᠢᠯᠲᠠᠳ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠵᠦ ᠬᠢᠨᠠᠨ ᠰᠢᠯᠭᠠᠪᠠ᠃ | ᠥᠪᠥᠷ ᠮᠣᠩᠭᠤᠯ ᠨᠢ ᠮᠠᠨ ᠤ ᠤᠯᠤᠰ ᠤᠨ ᠤᠮᠠᠷᠠᠲᠤ ᠣᠷᠣᠨ ᠳᠠᠬᠢ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠬᠡᠯᠪᠡᠷᠢ ᠪᠠᠷ ᠬᠠᠮᠤᠭ ᠤᠨ ᠪᠦᠷᠢᠨ ᠠᠮᠢ | ᠠᠬᠤᠶ ᠶᠢᠨ ᠴᠢᠳᠠᠮᠵᠢᠳᠤ ᠣᠷᠣᠨ ᠪᠣᠯᠤᠭᠰᠠᠨ ᠤ ᠬᠤᠪᠢ ᠳᠤ᠂ ᠣᠶ ᠰᠢᠭᠤᠶ ᠶᠢᠨ ᠲᠠᠯᠠᠪᠠᠶ 3.57 ᠳ᠋ᠦᠩᠰᠢᠭᠤᠷ ᠮᠥ᠂ ᠨᠤᠲᠤᠭ ᠪᠡᠯᠴᠢᠭᠡᠷ ᠤᠨ ᠲᠠᠯᠠᠪᠠᠶ 8.15 | ᠳ᠋ᠦᠩᠰᠢᠭᠤᠷ ᠮᠥ ᠳᠤ ᠬᠦᠷᠴᠦ᠂ ᠲᠣᠰ ᠲᠣᠰ ᠪᠥᠬᠦ ᠤᠯᠤᠰ ᠤᠨ ᠨᠢᠭᠡᠳᠦᠭᠡᠷ ᠪᠠ ᠬᠤᠶᠠᠳᠤᠭᠠᠷ ᠲᠤ ᠵᠢᠭᠰᠠᠭᠠᠭᠳᠠᠵᠤ᠂ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ | ᠡᠬᠢ ᠪᠠᠶᠠᠯᠢᠭ ᠤᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠨᠤᠭᠤ ᠴᠥᠯᠡᠷᠬᠡᠭ ᠭᠠᠵᠠᠷ ᠲᠠᠬᠢ | ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠬᠡᠮᠵᠢᠯᠲᠡ ᠳᠤ ᠬᠢᠨᠠᠨ ᠰᠢᠯᠭᠠᠬᠤ ᠲᠣᠭᠲᠠᠯᠴᠠᠭ᠎ᠠ ᠶᠢ ᠪᠠᠶᠢᠭᠤᠯᠬᠤ ᠪᠣᠯ ︽ᠨᠡᠭᠦᠷᠡᠰᠦᠲᠥ᠋ᠷᠥᠭᠴᠢ ᠶᠢᠨ ᠬᠥᠮᠥᠷᠭᠡ︾ ᠶᠢ ︽ | ᠵᠣᠭᠤᠰᠤᠨ ᠤ ᠬᠥᠮᠥᠷᠭᠡ︾ ᠪᠣᠯᠭᠠᠨ ᠬᠤᠪᠢᠷᠠᠭᠤᠯᠬᠤ ᠶᠢᠨ ᠵᠠᠩᠭᠢᠯᠠᠭ᠎ᠠ ᠶᠢᠨ ᠰᠠᠭᠤᠷᠢ ᠠᠵᠢᠯ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠥᠷᠲᠡᠭ ᠤᠨ ᠤᠯᠠᠷᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ | ᠪᠠ ᠠᠯᠤᠰ ᠬᠡᠲᠦ ᠶᠢᠨ ᠨᠥᠯᠥᠭᠡ ᠲᠠᠢ ᠶᠤᠮ᠃ | ᠲᠠᠨᠢᠯᠴᠠᠭᠤᠯᠤᠭᠰᠠᠨ ᠢᠶᠠᠷ᠂ 2025 ᠣᠨ ᠤ ᠳᠡᠭᠡᠳᠦ ᠬᠠᠭᠠᠰ ᠵᠢᠯ ᠳᠤ᠂ ᠥᠪᠥᠷ ᠮᠣᠩᠭᠤᠯ ᠤᠨ CCER ᠣᠶᠢᠵᠢᠭᠤᠯᠤᠯᠲᠠ ᠳᠠᠬᠢ | ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠨᠥᠭᠡᠴᠡᠯᠡᠬᠦ ᠠᠬᠢᠴᠠ ᠲᠦᠷᠭᠡᠨ ᠪᠠᠶᠢᠵᠤ᠂ ᠨᠥᠭᠡᠴᠡᠯᠡᠬᠦ ᠲᠥᠷᠥᠯ ᠵᠦᠢᠯ | ᠨᠢᠳᠤᠨᠤᠨ ᠤ 18 ᠪᠠᠶᠢᠭᠰᠠᠨ ᠠᠴᠠ ᠪᠠᠨ ᠣᠳᠣᠬᠠᠨ ᠤ 25 ᠪᠣᠯᠵᠤ᠂ ᠨᠡᠶᠢᠲᠡᠯᠡᠭᠰᠡᠨ ᠲᠥᠷᠥᠯ ᠵᠦᠢᠯ 6 ᠶᠢ ᠪᠡᠶᠡᠯᠡᠭᠦᠯᠦᠭᠡᠳ᠂ ᠨᠡᠶᠢᠲᠡᠯᠡᠭᠰᠡᠨ ᠲᠥᠷᠥᠯ ᠵᠦᠢᠯ ᠤᠨ | ᠲᠤᠭ᠎ᠠ ᠪᠠ ᠨᠡᠭᠡᠭᠡᠨ ᠬᠥᠭᠵᠢᠭᠦᠯᠦᠭᠰᠡᠨ ᠲᠠᠯᠠᠪᠠᠶ ᠪᠠᠷ ᠪᠥᠬᠦ ᠤᠯᠤᠰ ᠤᠨ ᠬᠤᠶᠠᠳᠤᠭᠠᠷ ᠲᠤ ᠵᠢᠭᠰᠠᠭᠠᠭᠳᠠᠪᠠ︔ ︽ᠣᠶ ᠰᠢᠭᠤᠶ ᠨᠤᠲᠤᠭ ᠪᠡᠯᠴᠢᠭᠡᠷ ᠤᠨ | ᠡᠨᠧᠷᠭᠢ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠬᠥᠭᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ︾ ᠶᠢ ᠡᠬᠢᠯᠡᠭᠦᠯᠵᠦ᠂ ᠭᠡᠷ᠎ᠡ | ᠲᠣᠭᠲᠠᠭᠰᠠᠨ ᠵᠣᠭᠤᠰ ᠤᠨ ᠲᠤᠭ᠎ᠠ 2100 ᠲᠦᠮᠡᠨ ᠲᠥᠭᠦᠷᠢᠭ ᠲᠤ ᠬᠦᠷᠴᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠤᠭᠰᠠᠨ ᠣᠶ ᠰᠢᠭᠤᠢ ᠶᠢᠨ ᠲᠥᠷᠥᠯ | ᠵᠦᠢᠯ 1.5 ᠲᠦᠮᠡᠨ ᠮᠥ ᠪᠣᠯᠵᠤ᠂ ᠵᠢᠱᠢᠯᠲᠡ ᠪᠠᠷ ᠪᠥᠬᠦ ᠵᠢᠯ ᠳᠤ 2.5 ᠲᠦᠮᠡᠨ ᠮᠥ ᠶᠢ ᠪᠡᠶᠡᠯᠡᠭᠦᠯᠬᠦ ᠪᠣᠯᠣᠨ᠎ᠠ︔ ᠣᠶ ᠰᠢᠭᠤᠶ ᠨᠤᠲᠤᠭ ᠪᠡᠯᠴᠢᠭᠡᠷ ᠤᠨ | ᠬᠤᠷᠠᠮᠳᠤᠯ ᠢ ᠨᠡᠮᠡᠭᠳᠡᠭᠦᠯᠬᠦ 10 ᠵᠦᠢᠯ ᠤᠨ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠦᠨ᠎ᠡ᠃ | ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠨᠤᠭᠤ ᠴᠥᠯᠡᠷᠬᠡᠭ ᠭᠠᠵᠠᠷ ᠲᠠᠬᠢ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠬᠡᠮᠵᠢᠯᠲᠡ ᠳᠤ ᠬᠢᠨᠠᠨ | ᠰᠢᠯᠭᠠᠬᠤ ᠲᠣᠭᠲᠠᠯᠴᠠᠭ᠎ᠠ ᠶᠢ ᠪᠠᠶᠢᠭᠤᠯᠬᠤ ᠨᠢ ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠡᠬᠢ | ᠪᠠᠶᠠᠯᠢᠭ ᠢ ᠣᠨᠣᠴᠠᠲᠠᠶ ᠬᠡᠮᠵᠢᠶᠡᠯᠡᠬᠦ ᠪᠠ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠳᠤ ᠴᠣ ᠰᠢᠨ᠎ᠡ ᠬᠠᠷᠠᠭᠠᠰᠤ ᠪᠠ ᠠᠷᠭ᠎ᠠ ᠵᠠᠮ ᠢ ᠬᠠᠩᠭᠠᠬᠤ ᠪᠠᠷ ᠪᠠᠷᠠᠬᠤ ᠥᠬᠡᠶ᠂ | ᠢᠷᠡᠭᠡᠳᠦᠶ ᠳᠤ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠥᠷᠲᠡᠭ ᠢ ᠪᠦᠲᠦᠮᠵᠢᠲᠡᠶ ᠤᠯᠠᠷᠢᠭᠤᠯᠬᠤ᠂ ᠣᠷᠣᠨ ᠪᠦᠰᠡ ᠶᠢᠨ ᠠᠮᠢ ᠠᠬᠤᠶ ᠶᠢᠨ ᠨᠦᠬᠦᠪᠦᠷᠢᠯᠡᠬᠦ | ᠲᠣᠭᠲᠠᠴᠠ ᠶᠢᠨ ᠲᠡᠭᠦᠯᠳᠡᠷᠵᠢᠭᠦᠯᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠤᠨ᠎ᠠ᠃ |