ᠥᠪᠥᠷ ᠮᠣᠩᠭᠤᠯ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2025/7/3
   ᠥᠨᠥ ᠵᠢᠯ ᠤᠨ 6 ᠳ᠋ᠤᠭᠠᠷ ᠰᠠᠷ᠎ᠠ ᠶᠢᠨ 23 ᠤ ᠡᠳᠦᠷ ᠠᠴᠠ 29 ᠤ ᠡᠳᠦᠷ ᠪᠣᠯ ᠮᠠᠨ ᠤ ᠤᠯᠤᠰ ᠤᠨ ᠭᠤᠴᠢᠨ ᠲᠠᠪᠤᠳᠠᠭᠢ ᠪᠦᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠪᠠᠶᠢᠵᠤ᠂ ︽ᠡᠨᠧᠷᠭᠢ ᠠᠷᠪᠢᠯᠠᠨ ᠦᠷ᠎ᠡ ᠠᠰᠢᠭ ᠢ ᠨᠡᠮᠡᠭᠳᠡᠭᠦᠯᠵᠦ᠂ ︿ᠰᠢᠨᠡᠴᠢᠯᠡᠬᠦ﹀ ᠪᠠᠷ ᠬᠥᠲᠥᠯᠥᠨ ᠳᠠᠭᠠᠭᠤᠯᠤᠶ᠎ᠠ︾ ᠪᠠᠷ ᠭᠤᠣᠯ ᠰᠡᠳᠦᠪ ᠪᠣᠯᠭᠠᠪᠠ᠃ 6 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ 2025 ᠣᠨ ᠤ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠢᠯᠡᠯᠲᠡ ᠶᠢᠨ ᠶᠣᠰᠣᠯᠠᠯ ᠢ ᠡᠷᠭᠢᠯᠡᠪᠡ᠃     ᠡᠨᠡ ᠵᠢᠯ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠥᠪᠥᠷ ᠮᠣᠩᠭᠤᠯ ︽ᠰᠦᠯᠵᠢᠶᠡᠨ ᠳᠡᠭᠡᠷ᠎ᠡ + ᠰᠦᠯᠵᠢᠶᠡᠨ ᠠᠴᠠ ᠭᠠᠳᠠᠭᠤᠷ︾ ᠠᠷᠭ᠎ᠠ ᠮᠠᠶ᠋ᠢᠭ ᠢ ᠤᠶᠠᠯᠳᠤᠭᠤᠯᠤᠨ᠂ ︽ᠰᠢᠨᠡᠳᠬᠡᠬᠦ ᠪᠠ ᠰᠣᠯᠢᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠂ ᠠᠵᠤ ᠦᠢᠯᠡᠳᠪᠦᠷᠢ ᠶᠢᠨ ᠬᠦᠷᠢᠶᠡᠨ ᠤ ᠦᠷ᠎ᠡ ᠠᠰᠢᠭ ᠢ ᠳᠡᠭᠡᠭᠰᠢᠯᠡᠭᠦᠯᠬᠦ᠂ ᠪᠠᠷᠢᠯᠭ᠎ᠠ ᠶᠢᠨ ᠬᠦᠷᠢᠶᠡᠨ ᠳᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠵᠠᠮ ᠬᠠᠷᠢᠯᠴᠠᠭ᠎ᠠ ᠲᠡᠭᠡᠭᠡᠪᠦᠷᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠬᠥᠳᠡᠭᠡ ᠲᠣᠰᠬᠤᠨ ᠤ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠣᠷᠣᠮ ᠤᠨ ᠲᠤᠷᠰᠢᠯᠭ᠎ᠠ ᠶᠢ ᠳᠡᠯᠭᠡᠷᠡᠭᠦᠯᠬᠦ᠂ ᠡᠨᠧᠷᠭᠢ ᠠᠷᠪᠢᠯᠠᠬᠤ ᠪᠠᠷᠢᠮᠵᠢᠶ᠎ᠠ ᠶᠢᠨ ᠢᠯᠡᠷᠬᠡᠶᠢᠯᠡᠯ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠳᠡᠯᠭᠡ ᠶᠢ ᠲᠦᠭᠡᠮᠡᠯᠵᠢᠭᠦᠯᠬᠦ ᠵᠡᠷᠭᠡ 9 ᠲᠠᠯ᠎ᠠ ᠪᠠᠷ ᠲᠤᠰᠬᠠᠢ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠪᠠᠶᠢᠭᠤᠯᠭ᠎ᠠ ᠳᠤ ᠣᠷᠣᠭᠤᠯᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ︾ ᠵᠡᠷᠭᠡ ᠠᠯᠢ ᠣᠯᠠᠨ ᠠᠵᠢᠯᠯᠠᠭ᠎ᠠ ᠵᠢᠴᠢ ᠰᠦᠯᠵᠢᠶᠡᠨ ᠳᠡᠭᠡᠷᠡᠬᠢ ᠡᠭᠦᠯᠡᠨ ᠤᠬᠠᠭᠤᠯᠭ᠎ᠠ ᠪᠠᠷ ᠳᠠᠮᠵᠢᠭᠤᠯᠤᠨ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠤᠬᠠᠭᠤᠯᠵᠤ᠂ ᠪᠥᠬᠦ ᠨᠡᠶᠢᠭᠡᠮ ᠢᠶᠠᠷ ᠢᠶᠠᠨ ᠣᠷᠣᠯᠴᠠᠬᠤ ᠶᠢ ᠵᠣᠷᠢᠭᠵᠢᠭᠤᠯᠤᠨ ᠳᠠᠶᠢᠴᠢᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠦᠬᠦ᠋ᠢᠯᠡ ᠨᠡᠶᠢᠭᠡᠮ ᠳᠤ ᠬᠡᠪ ᠵᠠᠩᠰᠢᠯ ᠪᠣᠯᠭᠠᠵᠤ ᠪᠠᠶᠢᠨ᠎ᠠ᠃     ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠤᠨ᠂ ᠣᠷᠣᠨ ᠪᠠᠶᠢᠷᠢ᠂ ᠡᠨᠧᠷᠭᠢ᠂ ᠲᠦᠷᠦ ᠶᠢᠨ ᠪᠣᠳᠣᠯᠭ᠎ᠠ ᠶᠢᠨ ᠳᠠᠪᠠᠭᠤᠯᠢᠭ ᠯᠤᠭ᠎ᠠ ᠤᠶᠠᠯᠳᠤᠭᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠣᠬᠢᠷᠲᠤᠯ ᠦᠭᠡᠢ ᠬᠥᠭᠵᠢᠯᠲᠡ ᠶᠢᠨ ᠬᠥᠳᠡᠯᠭᠡᠭᠴᠢ ᠬᠦᠴᠦᠨ ᠢᠶᠠᠨ ᠭᠦᠨᠵᠡᠭᠡᠢ ᠠᠭᠤᠳᠠᠯᠤᠭᠰᠠᠨ ᠠᠴᠠ ᠢᠯᠡ ᠲᠣᠳᠣ ᠦᠷ᠎ᠡ ᠪᠦᠲᠦᠮᠵᠢ ᠲᠠᠰᠤᠷᠠᠯᠳᠡ ᠦᠭᠡᠢ ᠢᠯᠡᠷᠡᠨ ᠭᠠᠷᠪᠠ᠃ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠦᠬᠦ ᠤᠯᠤᠰ ᠲᠤ ᠬᠠᠮᠤᠭ ᠤᠨ ᠲᠡᠷᠢᠭᠦᠨ ᠳᠤ ᠳ᠋ᠦᠩᠰᠢᠭᠤᠷ ᠲᠥᠭᠦᠷᠢᠭ ᠢ ᠳᠠᠪᠠᠵᠤ᠂ ᠪᠣᠬᠢᠷᠲᠤᠯ ᠦᠭᠡᠢ ᠴᠠᠬᠢᠯᠭᠠᠨ ᠢᠶᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠪᠠ︔ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠳᠤ ᠬᠦᠷᠭᠡᠬᠦ ᠲᠤᠷᠰᠢᠯᠲᠠ ᠶᠢᠨ ᠴᠡᠭ ᠢᠶᠠᠷ 4 ᠭᠠᠵᠠᠷ ᠣᠷᠣᠨ ᠰᠣᠩᠭᠤᠭᠳᠠᠵᠤ᠂ ᠪᠦᠬᠦ ᠤᠯᠤᠰ ᠤᠨ ᠡᠯ᠎ᠡ ᠭᠠᠵᠠᠷ ᠲᠤ ︽ᠬᠤᠣᠰ ᠨᠡᠭᠦᠷᠡᠰᠦᠲᠥ᠋ᠷᠥᠭᠴᠢ︾ ᠶᠢᠨ ᠦᠯᠢᠭᠡᠷ ᠳᠠᠭᠤᠷᠢᠶᠠᠯ ᠪᠣᠯᠪᠠ︔ ︽ᠰᠢᠨᠡᠳᠬᠡᠬᠦ ᠪᠠ ᠰᠣᠯᠢᠬᠤ︾ ᠲᠥᠷᠥ ᠶᠢᠨ ᠪᠣᠳᠣᠯᠭ᠎ᠠ ︽ᠰᠢᠨᠡᠴᠢᠯᠡᠬᠦ︾ ᠪᠠᠷ ᠬᠥᠲᠥᠯᠥᠨ ᠳᠠᠭᠠᠭᠤᠯᠵᠤ᠂ ᠲᠤᠨᠤᠭ ᠲᠥᠬᠦᠭᠡᠷᠦᠮᠵᠢ ᠪᠠᠭᠠᠵᠢ ᠬᠡᠷᠡᠭᠰᠡᠯ ᠳᠠᠬᠢ ᠪᠡᠯᠡ ᠣᠷᠣᠭᠤᠯᠤᠯᠲᠠ᠂ ᠨᠢᠭᠡᠳᠦᠭᠡᠷ ᠳᠡᠰ ᠤᠨ ᠡᠨᠧᠷᠭᠢ ᠶᠢᠨ ᠦᠷ᠎ᠡ ᠠᠰᠢᠭ ᠤᠨ ᠦᠢᠯᠡᠳᠬᠦᠨ ᠤ ᠪᠣᠷᠤᠯᠠᠭᠤᠯᠭ᠎ᠠ ᠶᠢᠨ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ 4 ᠵᠢᠯ ᠳᠤ᠂ ᠵᠢᠯ ᠪᠦᠷᠢ ᠶᠢᠨ ᠳᠤᠮᠳᠠᠴᠢ 1.4% ᠶᠢᠨ ᠡᠨᠧᠷᠭᠢ ᠶᠢᠨ ᠬᠤᠷᠣᠭᠳᠠᠯ ᠤᠨ ᠨᠡᠮᠡᠭᠳᠡᠯ ᠤᠨ ᠬᠤᠷᠳᠤᠴᠠ ᠪᠠᠷ 6.1% ᠶᠢᠨ GDP ᠤᠨ ᠨᠡᠮᠡᠭᠳᠡᠯ ᠤᠨ ᠬᠤᠷᠳᠤᠴᠠ ᠪᠠ 15.1% ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠲᠤᠯᠭᠠᠭᠤᠷᠢᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠨᠢᠭᠡᠳᠦᠯᠲᠡᠢ ᠲᠥᠯᠥᠪᠯᠡᠬᠦ ᠶᠢ ᠪᠡᠶᠡᠯᠡᠭᠦᠯᠪᠡ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ