ᠠᠷᠪᠠᠨ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2025/7/3
    24 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠡᠬᠢᠯᠡᠬᠦ ᠶᠣᠰᠣᠯᠠᠯ ᠢ ᠪᠠᠶᠠᠨᠨᠠᠭᠤᠷ ᠬᠤᠲᠠ ᠶᠢᠨ ᠬᠥᠯ ᠪᠥᠮᠪᠦᠭᠡ ᠶᠢᠨ ᠭᠤᠣᠯ ᠰᠡᠳᠦᠪᠲᠦ ᠴᠡᠴᠡᠷᠯᠢᠭ ᠲᠤ ᠶᠠᠪᠤᠭᠳᠠᠭᠤᠯᠵᠤ ᠂ ᠪᠥᠬᠦ ᠣᠷᠣᠨ ᠤ 2 ᠲᠦᠮᠡ ᠭᠠᠷᠤᠢ ᠲᠠᠮᠢᠷᠴᠢᠳ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠢᠯ ᠤᠨ ᠤᠷᠤᠯᠳᠤᠭᠠᠨ ᠳᠤ ᠣᠷᠣᠯᠴᠠᠪᠠ ᠃     ᠡᠬᠢᠯᠡᠯᠲᠡ ᠶᠢᠨ ᠶᠣᠰᠣᠯᠠᠯ ᠨᠢ ᠵᠣᠴᠢᠨ ᠤᠭᠲᠤᠬᠤ ᠪᠥᠵᠢᠭ ᠢᠶᠠᠷ ᠬᠥᠰᠢᠭᠡ ᠪᠠᠨ ᠰᠡᠬᠦᠵᠦ᠂ ᠦᠨᠳᠦᠰᠦᠲᠡᠨ ᠤ ᠪᠦᠯᠬᠦᠮᠳᠡᠯ ᠤᠨ ᠵᠢᠭᠰᠠᠭᠠᠯᠲᠤ ᠡᠩᠨᠡᠭᠡ᠂ ᠤᠯᠠᠭᠠᠨ ᠲᠤᠭ ᠤᠨ ᠵᠢᠭᠰᠠᠭᠠᠯᠲᠤ ᠡᠩᠨᠡᠭᠡ᠂ ᠨᠡᠶᠢᠭᠡᠮ ᠤᠨ ᠬᠥᠮᠥᠰ ᠤᠨ ᠲᠥᠯᠥᠭᠡᠯᠡᠭᠴᠢ ᠶᠢᠨ ᠵᠢᠭᠰᠠᠭᠠᠯᠲᠤ ᠡᠩᠨᠡᠭᠡ᠂ ᠬᠢᠨᠠᠭᠴᠢᠳ ᠤᠨ ᠲᠥᠯᠥᠭᠡᠯᠡᠭᠴᠢ ᠶᠢᠨ ᠵᠢᠭᠰᠠᠭᠠᠯᠲᠤ ᠡᠩᠨᠡᠭᠡ᠂ ᠡᠯ᠎ᠡ ᠠᠶᠢᠮᠠᠭ ᠬᠤᠳᠠ ᠶᠢᠨ ᠲᠥᠯᠥᠭᠡᠯᠡᠭᠴᠢ ᠶᠢᠨ ᠵᠢᠭᠰᠠᠭᠠᠯᠲᠤ ᠡᠩᠨᠡᠭᠡ ᠵᠡᠷᠭᠡ ᠨᠡᠶᠢᠳᠡ 18 ᠵᠢᠭᠰᠠᠭᠠᠯᠲᠤ ᠡᠩᠨᠡᠭᠡ ᠲᠡᠰ ᠳᠠᠷᠠᠭᠠᠯᠠᠯ ᠲᠠᠢ ᠪᠠᠷ ᠳᠠᠯᠠᠪᠠᠢ ᠳᠤ ᠣᠷᠣᠪᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ ᠲᠠᠨᠢᠯᠴᠠᠭᠤᠯᠬᠤ ᠳᠤ ᠪᠠᠨ ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠴᠤᠭᠯᠠᠭᠠᠨ ᠢ ᠡᠷᠭᠢᠯᠡᠬᠦ ᠪᠣᠯ ᠥᠪᠥᠷ ᠮᠣᠩᠭᠤᠯ ᠤᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠰᠠᠭᠤᠷᠢ ᠶᠢ ᠪᠠᠬᠢᠵᠢᠭᠦᠯᠬᠦ ᠂ ᠪᠡᠶ᠎ᠡ ᠶᠢᠨ ᠲᠠᠮᠢᠷ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ ᠮᠥᠨ ᠂ ᠡᠨᠡ ᠨᠢ ᠪᠡᠶ᠎ᠡ ᠶᠢᠨ ᠲᠠᠮᠢᠷ ᠤᠨ ᠤᠷᠤᠯᠳᠤᠭᠠᠨ ᠢ ᠦᠨᠳᠦᠰᠦᠨ ᠱᠠᠲᠤ ᠲᠡᠶᠢᠰᠢ ᠥᠷᠭᠡᠳᠬᠡᠵᠦ ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠥᠳᠡᠯᠭᠡᠭᠡᠨ ᠢ ᠪᠠᠶᠠᠯᠢᠭᠵᠢᠭᠤᠯᠵᠤ ᠠᠬᠢᠭᠤᠯᠬᠤ ᠪᠣᠯᠣᠨ᠎ᠠ ᠭᠡᠪᠡ᠃     ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠠᠯᠠᠭᠠᠳᠠᠬᠤ ᠬᠡᠢ ᠪᠥᠮᠪᠦᠭᠡ ᠂ ᠥᠳᠥᠨ ᠪᠥᠮᠪᠦᠭᠡ ᠂ ᠷᠠᠳᠢᠣ᠋ ᠲᠠᠮᠢᠷ ᠂ ᠴᠢᠭᠯᠡᠯᠲᠦ ᠲᠠᠮᠢᠷ ᠂ ᠤᠯᠠᠮᠵᠢᠯᠠᠯᠲᠤ ᠦᠱᠦ ᠂ ᠲᠡᠪᠡᠭ ᠪᠥᠮᠪᠦᠭᠡ ᠵᠡᠷᠭᠡ ᠬᠠᠮᠲᠤ ᠶᠢᠨ ᠤᠷᠤᠯᠳᠤᠭᠠᠨ ᠢ 9 ᠂ ᠳᠠᠩ ᠵᠦᠢᠯ ᠤᠨ ᠤᠷᠤᠯᠳᠤᠭᠠᠨ ᠢ 4 ᠂ ᠰᠦᠯᠵᠢᠶᠡᠨ ᠳᠡᠭᠡᠷᠡᠬᠢ ᠤᠷᠤᠯᠳᠤᠭᠠᠨ ᠢ 18 ᠳᠣᠬᠢᠷᠠᠭᠤᠯᠤᠭᠰᠠᠨ ᠪᠥᠭᠡᠳ ᠰᠦᠯᠵᠢᠶᠡᠨ ᠳᠡᠭᠡᠷᠡᠬᠢ ᠲᠠᠮᠢᠷ ᠤᠨ ᠴᠤᠭᠯᠠᠭᠠᠨ ᠢᠶᠠᠨ 10 ᠳ᠋ᠤᠭᠠᠷ ᠰᠠᠷ᠎ᠠ ᠪᠣᠯᠲᠠᠯ᠎ᠠ ᠦᠷᠭᠦᠯᠵᠢᠯᠡᠭᠦᠯᠬᠦ ᠪᠣᠯᠣᠨ᠎ᠠ ᠃     ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠪᠣᠬᠢᠷᠲᠤᠯ ᠦᠭᠡᠢ ᠂ ᠠᠷᠪᠢᠴᠢ ᠭᠠᠮᠲᠠᠢ ᠪᠠᠷ ᠲᠠᠮᠢᠷ ᠤᠨ ᠴᠤᠭᠯᠠᠭᠠᠨ ᠡᠷᠭᠢᠯᠡᠬᠦ ᠣᠨᠣᠯᠵᠢᠬᠤᠨ ᠢ ᠪᠠᠷᠢᠮᠲᠠᠯᠠᠵᠤ ᠂ ᠰᠢᠨ᠎ᠡ ᠡᠨᠧᠷᠭᠢ ᠶᠢᠨ ᠮᠠᠰᠢᠨ ᠲᠡᠷᠭᠡ ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡ ᠶᠢ ᠤᠷᠢᠳ ᠢᠶᠠᠷ ᠰᠣᠩᠭᠤᠨ ᠬᠡᠷᠡᠭᠯᠡᠵᠦ ᠂ ᠡᠮᠬᠢ ᠵᠢᠷᠤᠮ ᠤᠨ ᠡᠯᠧᠺᠳ᠋ᠷᠣᠨ ᠳᠡᠪᠲᠡᠷ ᠂ ᠱᠠᠩᠨᠠᠯ ᠣᠯᠣᠭᠰᠠᠨ ᠡᠯᠧᠺᠳ᠋ᠷᠣᠨ ᠦᠨᠡᠮᠯᠡᠯ ᠢ ᠳᠡᠯᠭᠡᠷᠡᠭᠦᠯᠦᠨ ᠬᠡᠷᠡᠭᠯᠡᠨ᠎ᠡ ᠃     ᠣᠶᠢᠷ᠎ᠠ ᠶᠢᠨ ᠵᠢᠯ ᠤᠳ ᠲᠤ᠂ ᠪᠠᠶᠠᠨᠨᠠᠭᠤᠷ ᠬᠤᠳᠠ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠᠨ ᠲᠠᠰᠤᠷᠠᠯᠳᠡ ᠦᠭᠡᠢ ᠴᠢᠩᠭᠠᠳᠬᠠᠵᠤ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠣᠭᠲᠠᠯᠴᠠᠭ᠎ᠠ ᠪᠠᠨ ᠲᠡᠭᠦᠯᠳᠡᠷᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠭᠦᠨᠵᠡᠭᠡᠶᠢᠷᠡᠨ ᠭᠦᠭᠵᠢᠬᠦ ᠶᠢ ᠠᠬᠢᠭᠤᠯᠪᠠ᠃ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠭᠢᠯᠡᠬᠦ ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠤᠯᠭ᠎ᠠ ᠬᠠᠩᠭᠠᠬᠤ ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠷᠠᠭᠤᠯᠬᠤ ᠪᠠᠷ ᠳᠠᠮᠵᠢᠭᠤᠯᠤᠨ ᠂ ᠬᠤᠲᠠ ᠶᠢᠨ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠵᠦ᠂ ᠣᠷᠣᠯᠴᠠᠬᠤ ᠤᠷᠮ᠎ᠠ ᠰᠡᠳᠬᠢᠯ ᠢ ᠨᠢ ᠪᠦᠲᠦᠮᠵᠢᠲᠡᠢ ᠬᠥᠭᠵᠢᠭᠡᠪᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠰᠣᠶᠣᠯ ᠵᠢᠭᠤᠯᠴᠢᠯᠠᠯ ᠂ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠦᠢᠯᠡᠰ ᠯᠦᠭᠡ ᠠᠭᠤᠰᠤᠯᠴᠠᠭᠤᠯᠤᠨ ᠬᠥᠭᠵᠢᠭᠦᠯᠬᠦ ᠪᠠᠷ ᠳᠠᠮᠵᠢᠭᠤᠯᠤᠨ ᠂ ᠣᠷᠣᠨ ᠨᠤᠲᠤᠭ ᠤᠨ ᠣᠨᠴᠠᠯᠢᠭ ᠲᠠᠢ ᠠᠯᠢ ᠣᠯᠠᠨ ᠨᠠᠷᠠᠲᠤ ᠲᠡᠮᠳᠡᠭ ᠪᠦᠬᠦᠢ ᠤᠷᠤᠯᠳᠤᠭᠠᠨ ᠤ ᠵᠦᠢᠯᠡᠰ ᠢ ᠪᠣᠶ ᠪᠣᠯᠭᠠᠵᠤ ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ