6 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ 2025 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠰᠢᠯᠭᠠᠯᠲᠠ | ᠡᠬᠢᠯᠡᠪᠡ᠃ ᠲᠣᠰ ᠤᠳᠠᠭᠠᠨ ᠤ ᠰᠢᠯᠭᠠᠯᠲᠠ ᠪᠣᠯ ᠮᠠᠨ ᠤ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ | ᠥᠭᠡᠷᠡᠴᠢᠯᠡᠯᠲᠡ ᠶᠢ ᠶᠠᠪᠤᠭᠳᠠᠭᠤᠯᠤᠭᠰᠠᠨ ᠤ ᠳᠠᠷᠠᠭᠠᠬᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠡᠭᠦᠰᠬᠦ ᠣᠨ ᠳᠤ ᠴᠢᠭᠯᠡᠭᠦᠯᠦᠨ ᠥᠪᠡᠷᠲᠡᠭᠡᠨ ᠵᠠᠰᠠᠬᠤ | ᠣᠷᠣᠨ ᠠᠴᠠ ᠨᠢᠭᠡᠳᠦᠯᠲᠡᠢ ᠰᠡᠳᠦᠪ ᠭᠠᠷᠭᠠᠵᠤ᠂ ᠨᠢᠭᠡᠳᠦᠯᠲᠡᠢ ᠰᠢᠯᠭᠠᠵᠤ᠂ ᠨᠢᠭᠡᠳᠦᠯᠲᠡᠢ ᠪᠠᠷᠢᠮᠵᠢᠶ᠎ᠠ ᠪᠠᠷ ᠰᠢᠯᠭᠠᠯᠲᠠ ᠶᠢ ᠬᠢᠨᠠᠵᠤ᠂ ᠬᠢᠷᠢ ᠪᠦᠲᠦᠮᠵᠢ ᠶᠢ | ᠨᠢᠭᠡᠳᠦᠯᠲᠡᠢ ᠪᠠᠷ ᠨᠡᠶᠢᠲᠡᠯᠡᠬᠦ ᠪᠣᠯᠣᠭᠰᠠᠨ ᠠᠩᠬᠠᠨ ᠤ ᠰᠢᠯᠭᠠᠯᠲᠠ ᠪᠣᠯᠣᠨ᠎ᠠ᠃ | 2025 ᠣᠨ ᠠᠴᠠ ᠡᠬᠢᠯᠡᠨ᠂ ᠥᠪᠥᠷ ᠮᠣᠩᠭᠤᠯ ︽ᠬᠤᠶᠠᠷ ᠰᠢᠯᠭᠠᠯᠲᠠ ᠶᠢ ᠨᠢᠭᠡᠳᠬᠡᠵᠦ ᠨᠢᠭᠡ ᠰᠢᠯᠭᠠᠯᠲᠠ ᠶᠢ ᠣᠯᠠᠨ ᠲᠠᠯ᠎ᠠ ᠳᠤ ᠠᠰᠢᠭᠯᠠᠬᠤ︾ ᠶᠢ | ᠬᠡᠷᠡᠭᠵᠢᠭᠦᠯᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠬᠦ ᠰᠢᠯᠭᠠᠯᠲᠠ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠶᠢ ᠨᠡᠶᠢᠯᠡᠭᠦᠯᠦᠭᠡᠳ ᠨᠢᠭᠡ ᠯᠠ ᠰᠢᠯᠭᠠᠯᠲᠠ ᠪᠣᠯᠭᠠᠪᠠ᠃ 6 ᠳ᠋ᠤᠭᠠᠷ ᠰᠠᠷ᠎ᠠ ᠶᠢᠨ 25 ᠤ ᠡᠳᠦᠷ᠂ ᠪᠥᠬᠦ ᠣᠷᠣᠨ ᠤ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠤᠶᠠᠳᠤᠭᠠᠷ ᠣᠨ ᠤ ᠭᠠᠵᠠᠷ ᠵᠦᠢ᠂ ᠠᠮᠢᠳᠤ ᠪᠣᠳᠠᠰ ᠤᠨ ᠤᠬᠠᠭᠠᠨ ︵ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠮᠡᠳᠡᠯᠭᠡ ᠶᠢ ᠪᠠᠭᠲᠠᠭᠠᠨ᠎ᠠ | ︶ ᠤ ᠴᠠᠭᠠᠰᠤᠨ ᠳᠡᠭᠡᠷᠡᠬᠢ ᠰᠢᠯᠭᠠᠯᠲᠠ ᠤᠷᠤᠭᠰᠢᠲᠠᠢ ᠶᠠᠪᠤᠭᠳᠠᠵᠤ᠂ 21.14 ᠲᠦᠮᠡᠨ ᠰᠢᠯᠭᠠᠭᠤᠯᠤᠭᠴᠢ ᠨᠡᠷ᠎ᠡ ᠮᠡᠳᠡᠭᠦᠯᠵᠦ᠂ ᠨᠡᠶᠢᠲᠡ 235 ᠰᠢᠯᠭᠠᠯᠲᠠ ᠶᠢᠨ | ᠴᠡᠭ᠂ 7301 ᠰᠢᠯᠭᠠᠯᠲᠠ ᠶᠢᠨ ᠲᠠᠯᠠᠪᠤᠷ ᠭᠠᠷᠭᠠᠵᠠᠢ᠃ 6 ᠳ᠋ᠤᠭᠠᠷ ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ᠂ ᠪᠥᠬᠦ ᠣᠷᠣᠨ ᠤ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠡᠯ᠎ᠡ ᠬᠢᠴᠢᠶᠡᠯ ᠲᠥᠷᠥᠯ ᠤᠨ ᠴᠠᠭᠠᠰᠤᠨ ᠳᠡᠭᠡᠷᠡᠬᠢ ᠰᠢᠯᠭᠠᠯᠲᠠ ᠶᠢ ᠲᠠᠰ ᠳᠠᠷᠠᠭᠠᠯᠠᠨ ᠰᠢᠯᠭᠠᠵᠤ | ᠡᠬᠢᠯᠡᠨ᠎ᠡ᠂ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ 21.55 ᠲᠦᠮᠡ ᠪᠠᠶᠢᠵᠤ᠂ ᠨᠡᠶᠢᠲᠡ 238 ᠰᠢᠯᠭᠠᠯᠲᠠ ᠶᠢᠨ ᠴᠡᠭ᠂ 7144 ᠰᠢᠯᠭᠠᠯᠲᠠ ᠶᠢᠨ ᠲᠠᠯᠠᠪᠤᠷ | ᠭᠠᠷᠭᠠᠪᠠ᠃ | ᠣᠶᠢᠯᠠᠭᠠᠭᠰᠠᠨ ᠢᠶᠠᠷ᠂ 7 ᠳ᠋ᠤᠭᠠᠷ ᠳ᠋ᠤᠭᠠᠷ ᠰᠠᠷ᠎ᠠ ᠶᠢᠨ 8 ᠤ ᠡᠳᠦᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠰᠢᠯᠭᠠᠯᠲᠠ ᠶᠢᠨ ᠬᠦᠷᠢᠶᠡᠯᠡᠩ ᠠᠴᠠ | ᠡᠯ᠎ᠡ ᠠᠶᠢᠮᠠᠭ ᠬᠤᠲᠠ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠠᠷᠭ᠎ᠠ ᠮᠠᠶ᠋ᠢᠭ ᠵᠢᠴᠢ ᠴᠥᠷᠬᠡ ᠶᠢ ᠨᠡᠶᠢᠲᠡᠯᠡᠵᠦ᠂ 7 ᠳ᠋ᠤᠭᠠᠷ ᠰᠠᠷ᠎ᠠ ᠶᠢᠨ | 9 ᠤ ᠡᠳᠦᠷ ᠤᠨ ᠲᠡᠭ ᠴᠠᠭ ᠠᠴᠠ ᠡᠬᠢᠯᠡᠨ ᠪᠥᠬᠦ ᠣᠷᠣᠨ ᠤ ᠰᠢᠯᠭᠠᠯᠲᠠ ᠶᠢᠨ ᠬᠢᠷᠢ ᠪᠦᠲᠦᠮᠵᠢ ᠶᠢ ᠨᠢᠭᠡᠲᠦᠯᠲᠡᠢ ᠪᠠᠷ ᠨᠡᠶᠢᠲᠡᠯᠡᠬᠦ ᠪᠣᠯᠣᠨ᠎ᠠ᠃ |