ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠶᠠᠭ ᠥᠷᠨᠢᠭᠦᠯᠵᠦ ᠪᠣᠢ᠂ ᠪᠦᠬᠦ | ᠨᠠᠮ ᠢᠶᠠᠷ ᠢᠶᠠᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠳᠤ ᠴᠢᠭᠯᠡᠭᠦᠯᠦᠨ ᠴᠤᠬᠤᠶᠢᠪᠠᠯ ᠴᠣᠬᠢᠯᠲᠠ ᠥᠭᠴᠦ᠂ ᠴᠢᠩᠭ᠎ᠠ ᠪᠠᠶᠢᠴᠠᠭᠠᠨ | ᠰᠢᠢᠳᠪᠦᠷᠢᠯᠡᠬᠦ ᠶᠢ ᠪᠠᠷᠢᠮᠲᠠᠯᠠᠪᠠ᠃ ᠭᠡᠪᠡᠴᠦ ᠣᠨᠴᠠ ᠵᠠᠷᠢᠮ ᠨᠠᠮ ᠤᠨ ᠭᠡᠰᠢᠭᠦᠨ ᠺᠠᠳ᠋ᠷ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠪᠠᠨ ᠲᠣᠭᠲᠠᠭᠠᠯ ᠠᠴᠠ | ᠵᠥᠷᠢᠴᠡᠨ ᠬᠠᠮᠲᠤ ᠬᠤᠭᠤᠯᠠᠯᠠᠵᠤ ᠠᠷᠢᠬᠢᠳᠠᠭᠰᠠᠨ ᠨᠢ ︽ᠳᠥᠷᠪᠡᠨ ᠰᠤᠷᠲᠠᠯ︾ ᠤᠨ ᠠᠰᠠᠭᠤᠳᠠᠯ ᠳᠤ ᠮᠤᠵᠢᠭᠤᠳᠠ ᠴᠢᠨᠠᠷ ᠪᠠ ᠳᠠᠪᠲᠠᠭᠳᠠᠯ ᠴᠢᠨᠠᠷ ᠪᠠᠶᠢᠬᠤ ᠶᠢ | ᠬᠠᠷᠠᠭᠤᠯᠵᠤ ᠪᠠᠶᠢᠭ᠎ᠠ ᠪᠥᠭᠡᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ︽ᠵᠢᠵᠢᠭ ᠰᠠᠵᠢᠭ ᠶᠠᠪᠤᠳᠠᠯ ᠤᠨ ᠣᠨᠣᠯ︾ ︽ᠬᠥᠭᠵᠢᠯᠲᠡ ᠶᠢ ᠨᠥᠯᠥᠭᠡᠯᠡᠬᠦ | ᠣᠨᠣᠯ︾ ︽ᠠᠵᠢᠯ ᠲᠥᠷᠥᠯ ᠤᠨ ᠣᠨᠴᠠᠭᠠᠶ ᠪᠠᠶᠢᠳᠠᠯ ᠤᠨ ᠣᠨᠣᠯ︾ ᠵᠡᠷᠭᠡ ᠪᠤᠷᠤᠭᠤ ᠦᠵᠡᠯ ᠰᠠᠨᠠᠭ᠎ᠠ ᠨᠢ ᠵᠠᠷᠢᠮ ᠬᠥᠮᠥᠰ ᠤᠨ ᠰᠡᠳᠬᠢᠯ ᠳᠤ ᠮᠥᠨ ᠬᠦ ᠭᠦᠨ | ᠦᠨᠳᠦᠰᠦᠯᠡᠭᠰᠡᠨ ᠢ ᠣᠯᠵᠤ ᠬᠠᠷᠠᠨ᠎ᠠ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠨᠢ ᠨᠢᠭᠤᠷ ᠲᠠᠯ᠎ᠠ ᠶᠢ ᠨᠥᠯᠥᠭᠡᠯᠡᠳᠡᠭ ᠦᠭᠡᠢ ᠵᠢᠵᠢᠭ ᠰᠠᠵᠢᠭ ᠶᠠᠪᠤᠳᠠᠯ ᠪᠢᠰᠢ᠂ ᠬᠠᠷᠢᠨ ᠨᠠᠮ ᠤᠨ ᠰᠤᠷᠲᠠᠯ | ᠵᠠᠰᠠᠭ ᠤᠨ ᠰᠤᠷᠲᠠᠯ᠂ ᠬᠥᠮᠥᠰ ᠤᠨ ᠰᠡᠳᠬᠢᠯ ᠤᠨ ᠬᠠᠨᠳᠤᠰᠢ ᠳᠤ ᠬᠤᠯᠪᠣᠭᠳᠠᠭᠰᠠᠨ ᠲᠣᠮᠣ ᠶᠠᠪᠤᠳᠠᠯ ᠮᠥᠨ᠃ ᠦᠡᠭᠭᠡᠨ ᠲᠠᠯ᠎ᠠ ᠠᠴᠠ ᠨᠢ ᠦᠵᠡᠬᠦ ᠳᠤ ᠨᠢᠭᠡ | ᠴᠠᠭ ᠤᠨ ᠬᠤᠭᠤᠯᠠ᠂ ᠨᠢᠭᠡ ᠤᠳᠠᠭᠠᠨ ᠤ ᠠᠷᠢᠬᠢᠳᠠᠯ ᠭᠡᠳᠡᠭ ᠪᠣᠯᠪᠠᠴᠤ ᠮᠥᠨ ᠴᠢᠨᠠᠷ ᠳᠡᠭᠡᠷ᠎ᠡ ᠪᠠᠨ ᠱᠠᠮᠰᠢᠵᠤ ᠢᠯᠵᠢᠷᠡᠬᠦ ᠠᠰᠠᠭᠤᠳᠠᠯ ᠤᠨ ᠰᠢᠵᠢᠮ ᠮᠥᠨ᠂ | ᠦᠡᠭᠭᠡᠨ ᠲᠠᠯ᠎ᠠ ᠠᠴᠠ ᠨᠢ ᠦᠵᠡᠬᠦ ᠳᠤ ᠪᠠᠭᠠᠯᠵᠠᠭᠤᠷ ᠢᠶᠠᠨ ᠪᠠᠷᠢᠵᠤ ᠴᠢᠳᠠᠭᠰᠠᠨ ᠦᠭᠡᠢ ᠰᠢᠭ ᠪᠣᠯᠪᠠᠴᠤ ᠮᠥᠨ ᠴᠢᠨᠠᠷ ᠳᠡᠭᠡᠷ᠎ᠡ ᠪᠠᠨ ᠰᠡᠳᠬᠢᠯ ᠢᠶᠠᠨ ᠪᠠᠲᠤ | ᠰᠠᠬᠢᠭᠰᠠᠨ ᠦᠭᠡᠢ ᠶᠠᠪᠤᠳᠠᠯ ᠶᠤᠮ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠨᠢ ᠬᠥᠭᠵᠢᠯᠲᠡ ᠶᠢ ᠠᠬᠢᠭᠤᠯᠬᠤ ᠶᠢᠨ ᠲᠦᠷᠭᠡᠳᠬᠡᠭᠦᠷ ᠡᠳ᠋ ᠪᠢᠰᠢ᠂ | ᠬᠠᠷᠢᠨ ᠡᠷᠬᠡ ᠪᠠᠨ ᠲᠦᠷᠢᠶᠡᠰᠦᠯᠡᠬᠦ ᠪᠠ ᠠᠰᠢᠭ ᠲᠤᠰᠠ ᠰᠣᠯᠢᠯᠴᠠᠬᠤ ᠶᠢᠨ ᠬᠦᠯᠡᠮᠵᠢ ᠪᠣᠯᠵᠤ ᠮᠡᠳᠡᠨ᠎ᠡ᠂ ᠨᠡᠩ ᠣᠷᠳᠣ ᠬᠤᠭᠤᠴᠠᠭᠠᠨ ᠤ ᠲᠤᠷᠰᠢᠲᠠ ᠠᠵᠢᠭᠯᠠᠭᠠᠳ | ᠦᠵᠡᠬᠦ ᠳᠤ ᠬᠡᠪ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠡᠪᠳᠡᠵᠦ᠂ ᠡᠴᠦᠰ ᠲᠤ ᠪᠠᠨ ᠡᠬᠢ ᠪᠠᠶᠠᠯᠢᠭ ᠢ ᠪᠤᠷᠤᠭᠤ ᠲᠣᠬᠢᠷᠠᠭᠤᠯᠵᠤ᠂ ᠠᠵᠤ | ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠪᠠᠭᠤᠷᠠᠭᠤᠯᠬᠤ ᠪᠣᠯᠣᠨ᠎ᠠ᠃ ᠪᠢᠳᠡᠨ ᠤ ᠱᠠᠭᠠᠷᠳᠠᠵᠤ ᠪᠠᠶᠢᠭ᠎ᠠ ᠨᠢ ᠴᠢᠨᠠᠷ ᠰᠠᠶᠢᠲᠠᠢ ᠬᠥᠭᠵᠢᠯᠲᠡ | ᠪᠣᠯᠬᠤ ᠠᠴᠠ ᠪᠢᠰᠢ᠂ ᠶᠡᠭᠡ ᠪᠠᠷ ᠢᠳᠡᠵᠦ ᠤᠤᠭᠤᠬᠤ ᠪᠠᠷ ᠪᠠᠲᠤᠯᠠᠳᠠᠭ ᠬᠤᠳᠠᠯ ᠬᠠᠭᠤᠷᠮᠠᠭ ᠬᠥᠭᠵᠢᠯ ᠴᠡᠴᠡᠭᠯᠡᠯ ᠤᠭᠳᠤ ᠪᠢᠰᠢ ᠶᠤᠮ᠃ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠨᠢ ᠰᠠᠬᠢᠯᠭ᠎ᠠ ᠪᠠᠲᠤ ᠶᠢᠨ ᠬᠦᠯᠢᠶᠡᠰᠦ ᠰᠤᠯᠠᠷᠠᠭᠰᠠᠨ ᠤ ᠰᠢᠯᠲᠠᠭ ᠪᠢᠰᠢ᠂ ᠨᠠᠮ ᠤᠨ ᠰᠠᠬᠢᠯᠭ᠎ᠠ ᠪᠠᠲᠤ ᠤᠯᠤᠰ ᠤᠨ ᠬᠠᠤᠯᠢ ᠪᠠ ᠡᠯ᠎ᠡ | ᠵᠦᠢᠯ ᠤᠨ ᠳᠦᠷᠢᠮ ᠲᠣᠭᠲᠠᠭᠠᠯ ᠤᠨ ᠡᠮᠦᠨ᠎ᠡ᠂ ︽ᠣᠨᠴᠠᠭᠠᠶ︾᠂ ︽ᠴᠡᠭᠡᠷᠯᠡᠯ ᠠᠴᠠ ᠭᠠᠳᠠᠭᠤᠷ︾ ᠠᠵᠢᠯ ᠲᠥᠷᠥᠯ ᠭᠡᠵᠦ ᠪᠠᠶᠢᠳᠠᠭ ᠦᠭᠡᠢ᠂ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠪᠠᠨ ︽ᠠᠵᠢᠯ ᠤᠨ ᠬᠡᠷᠡᠭᠴᠡᠭᠡ︾ ᠪᠠᠷ ᠬᠠᠯᠬᠠᠯᠠᠵᠤ ᠪᠣᠯᠬᠤ ᠦᠭᠡᠢ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠨᠢ ᠬᠡᠰᠡᠭ ᠵᠠᠭᠤᠷ᠎ᠠ ᠶᠢᠨ ᠶᠠᠪᠤᠳᠠᠯ ᠪᠢᠰᠢ᠃ ᠵᠠᠷᠢᠮ ᠮᠠᠭᠤ ᠰᠤᠷᠲᠠᠯ ᠨᠢ ᠶᠠᠭ | ᠭᠤᠭᠤᠳ ᠬᠠᠳᠤᠬᠤ ᠰᠢᠭ᠋᠂ ᠬᠠᠳᠤᠵᠤ ᠯᠠ ᠪᠠᠶᠢᠨ᠎ᠠ ᠤᠷᠭᠤᠵᠤ ᠯᠠ ᠪᠠᠶᠢᠨ᠎ᠠ᠂ ᠡᠭᠦᠨ ᠤ ᠵᠠᠩᠭᠢᠯᠠᠭ᠎ᠠ ᠨᠢ ᠰᠤᠷᠲᠠᠯ ᠤᠨ ᠠᠰᠠᠭᠤᠳᠠᠯ ᠤᠨ ᠮᠤᠵᠢᠭᠤᠳᠠ ᠴᠢᠨᠠᠷ ᠪᠠ | ᠳᠠᠪᠲᠠᠭᠳᠠᠯ ᠴᠢᠨᠠᠷ ᠢ ᠭᠦᠢᠴᠡᠳ ᠪᠣᠳᠣᠯᠬᠢᠯᠠᠭᠰᠠᠨ ᠦᠭᠡᠢ ᠳᠤ ᠪᠣᠢ᠃ ᠣᠨᠴᠠ ᠵᠠᠷᠢᠮ ᠨᠠᠮ ᠤᠨ ᠭᠡᠰᠢᠭᠦᠨ ᠺᠠᠳ᠋ᠷ ᠭᠤᠷᠢᠳᠠᠬᠤ ᠪᠣᠳᠣᠯ ᠡᠪᠦᠷᠯᠡᠨ᠂ ᠲᠦᠷ | ᠬᠦᠯᠢᠶᠡᠵᠦ ᠪᠠᠶᠢᠭᠠᠳ ᠥᠩᠭᠡᠷᠡᠵᠦ ᠭᠠᠷᠪᠠᠯ ᠪᠣᠯᠴᠢᠬᠠᠨ᠎ᠠ ᠭᠡᠵᠦ ᠪᠣᠳᠣᠳᠠᠭ᠃ ᠡᠨᠡ ᠪᠣᠯ ᠨᠠᠮ ᠤᠨ ᠲᠥᠪ ᠬᠤᠷᠢᠶᠠᠨ ᠤ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠶᠢ ᠠᠬᠢᠭᠤᠯᠬᠤ ᠡᠷᠡᠰ ᠪᠠᠲᠤ ᠵᠣᠷᠢᠭ ᠰᠠᠨᠠᠭ᠎ᠠ ᠶᠢ ᠲᠣᠳᠣᠷᠬᠠᠢ ᠲᠠᠨᠢᠭᠰᠠᠨ ᠦᠭᠡᠢ ᠳᠤ ᠪᠠᠶᠢᠨ᠎ᠠ᠃ | ᠲᠥᠪ ᠤᠨ ᠨᠠᠢᠮᠠᠨ ᠵᠤᠷᠪᠤᠰ ᠲᠣᠭᠲᠠᠭᠠᠯ ᠪᠣᠯ ᠤᠷᠳᠤ ᠬᠤᠭᠤᠴᠠᠭ᠎ᠠ ᠪᠠᠷ ᠬᠦᠴᠦᠨ ᠲᠠᠢ ᠲᠡᠮᠦᠷ ᠮᠡᠲᠦ ᠬᠠᠲᠠᠭᠤ ᠳᠦᠷᠢᠮ ᠲᠣᠭᠲᠠᠭᠠᠯ ᠮᠥᠨ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠳᠤ ᠪᠠᠶᠢᠩᠭᠤ ᠬᠠᠮᠢᠶᠠᠷᠬᠤ ᠬᠠᠳᠠᠨ ᠵᠣᠷᠢᠭ᠂ ᠴᠢᠩᠭ᠎ᠠ ᠠᠳᠬᠤᠬᠤ ᠲᠡᠰᠪᠦᠷᠢ ᠲᠡᠪᠴᠢᠶᠡᠷᠢ | ᠪᠠᠶᠢᠬᠤ ᠬᠡᠷᠡᠭᠲᠡᠢ ᠮᠥᠷᠲᠡᠭᠡᠨ ᠠᠯᠤᠰ ᠢ ᠪᠣᠳᠣᠨ᠂ ᠰᠠᠭᠤᠷᠢ ᠶᠢ ᠪᠠᠬᠢᠵᠢᠭᠦᠯᠦᠭᠰᠡᠨ ᠳᠦᠷᠢᠮ ᠪᠠᠶᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠢ ᠨᠠᠮ ᠤᠨ ᠭᠡᠰᠢᠭᠦᠨ ᠺᠠᠳ᠋ᠷᠴᠤᠳ ᠢ ᠦᠨᠡᠨ ᠬᠦ ᠬᠥᠮᠥᠵᠢᠭᠦᠯᠦᠨ ᠵᠢᠯᠤᠭᠤᠳᠴᠤ ᠪᠠᠶᠢᠭᠠᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ | ᠤᠯᠤᠰ ᠲᠥᠷᠥ ᠶᠢᠨ ᠬᠤᠣᠷ ᠬᠥᠨᠥᠭᠡᠯ ᠢ ᠲᠣᠳᠣᠷᠬᠠᠢ ᠲᠠᠨᠢᠭᠤᠯᠵᠤ᠂ ᠡᠯ᠎ᠡ ᠵᠦᠢᠯ ᠤᠨ ᠪᠤᠷᠤᠭᠤ ᠦᠵᠡᠯ ᠰᠠᠨᠠᠭ᠎ᠠ ᠲᠠᠢ ᠤᠬᠠᠮᠰᠠᠷ ᠠᠴᠠ ᠪᠠᠨ ᠲᠡᠮᠡᠴᠡᠵᠦ᠂ | ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠪᠠᠰᠠ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠳᠤᠮᠳᠠᠬᠢ ᠲᠣᠭᠲᠠᠭᠠᠯ ᠠᠴᠠ | ᠵᠥᠷᠢᠴᠡᠨ ᠢᠳᠡᠵᠦ ᠤᠤᠭᠤᠭᠰᠠᠨ ᠵᠡᠷᠭᠡ ᠠᠰᠠᠭᠤᠳᠠᠯ ᠢ ᠵᠠᠯᠠᠷᠠᠭᠤᠯᠤᠭᠰᠠᠨ ᠦᠢᠯᠡᠳᠦᠯᠭᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠵᠢᠷᠤᠮᠵᠢᠯ ᠲᠠᠢ᠂ ᠪᠦᠷᠢᠨ | ᠲᠡᠭᠦᠯᠳᠡᠷ ᠪᠥᠭᠡᠳ ᠬᠡᠷᠡᠭᠵᠢᠭᠦᠯᠬᠦ ᠴᠢᠨᠠᠷ ᠢᠶᠠᠷ ᠴᠢᠩᠭ᠎ᠠ ᠳᠦᠷᠢᠮ ᠢ ᠪᠦᠷᠢᠯᠳᠦᠭᠦᠯᠵᠦ᠂ ᠡᠭᠦᠨ ᠢ ᠦᠨᠳᠦᠰᠦᠯᠡᠨ ᠣᠳᠣᠬᠢ ᠶᠢ ᠠᠳᠬᠤᠵᠤ᠂ ᠨᠡᠶᠢᠲᠡᠯᠢᠭ ᠵᠢᠱᠢᠶ᠎ᠡ ᠶᠢ | ᠠᠳᠬᠤᠵᠤ᠂ ᠵᠠᠷᠯᠠᠨ ᠮᠡᠳᠡᠭᠳᠡᠬᠦ ᠶᠢ ᠠᠳᠬᠤᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠤ ᠠᠷᠤ ᠳᠠᠬᠢ ᠢᠯᠵᠢᠷᠡᠯ ᠤᠨ ᠠᠰᠠᠭᠤᠳᠠᠯ ᠢ ᠭᠦᠨᠵᠡᠭᠡᠢ | ᠠᠭᠤᠳᠠᠯᠵᠤ ᠨᠠᠷᠢᠨ ᠪᠠᠶᠢᠴᠠᠭᠠᠬᠤ ᠬᠡᠷᠡᠭᠲᠡᠢ᠃ | ᠡᠭᠦᠨ ᠤ ᠵᠡᠷᠭᠡ ᠪᠠᠷ ᠡᠷᠬᠡᠪᠰᠢ ᠠᠩᠬᠠᠷᠬᠤ ᠨᠢ ᠭᠡᠪᠡᠯ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠶᠢᠨ ᠭᠤᠣᠯᠳᠠᠯᠭ᠎ᠠ ᠪᠣᠯ ︽ | ᠲᠣᠭᠲᠠᠭᠠᠯ ᠠᠴᠠ ᠵᠥᠷᠢᠴᠡᠭᠰᠡᠨ︾ ᠶᠠᠪᠤᠳᠠᠯ ᠶᠤᠮ᠂ ᠬᠠᠷᠢᠨ ᠢᠳᠡᠵᠦ ᠤᠤᠭᠤᠬᠤ ᠶᠠᠪᠤᠳᠠᠯ ᠪᠢᠰᠢ᠃ ᠭᠤᠣᠯ ᠴᠣᠭᠴᠠ ᠨᠢ ᠨᠠᠮ ᠤᠨ ᠭᠡᠰᠢᠭᠦᠨ ᠺᠠᠳ᠋ᠷ᠂ ᠠᠯᠪᠠᠨ | ᠲᠤᠰᠢᠶᠠᠯᠲᠠᠨ᠂ ᠢᠯᠠᠩᠭᠤᠶ᠎ᠠ ᠤᠳᠤᠷᠢᠳᠬᠤ ᠺᠠᠳ᠋ᠷ ᠪᠣᠯᠣᠨ᠎ᠠ᠃ ︽ᠲᠣᠭᠲᠠᠭᠠᠯ ᠢ ᠵᠥᠷᠢᠴᠡᠭᠰᠡᠨ︾ ᠡᠰᠡᠬᠦ ᠨᠢ ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ ᠤᠨ | ᠲᠠᠯ᠎ᠠ ᠪᠠᠷ ᠭᠤᠣᠯᠳᠠᠭᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠣᠯᠭᠤᠬᠤ ᠳᠦᠷᠢᠮ︾ ᠳᠠᠬᠢ ᠠᠯᠪᠠᠨ ᠶᠠᠪᠤᠳᠠᠯ ᠤᠨ | ᠵᠣᠴᠢᠯᠠᠭ᠎ᠠ ᠳᠠᠶᠢᠯᠠᠯᠭ᠎ᠠ᠂ ᠬᠤᠳᠠᠯᠳᠤᠭᠠᠨ ᠤ ᠶᠠᠪᠤᠳᠠᠯ ᠤᠨ ᠵᠣᠴᠢᠯᠠᠭ᠎ᠠ ᠵᠡᠷᠭᠡ ᠲᠣᠭᠲᠠᠭᠠᠯ ᠢ ᠦᠨᠳᠦᠰᠦᠯᠡᠵᠦ᠂ ᠠᠯᠪᠠᠨ ᠲᠤᠰᠢᠶᠠᠯᠲᠠᠨ ᠤ ᠬᠠᠮᠢᠶᠠᠷᠤᠯᠲᠠ ᠶᠢᠨ | ᠲᠠᠯ᠎ᠠ ᠪᠠᠷ ᠭᠤᠣᠯᠳᠠᠭᠤ ᠬᠢᠨᠠᠨ ᠪᠠᠶᠢᠴᠠᠭᠠᠬᠤ ᠬᠠᠤᠯᠢ᠂ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠢᠳᠬᠡᠯ ᠤᠨ ᠬᠠᠤᠯᠢ ᠵᠡᠷᠭᠡ ᠶᠢ ᠦᠨᠳᠦᠰᠦᠯᠡᠨ᠎ᠡ᠃ | ᠲᠥᠪ ᠠᠴᠠ ᠣᠷᠣᠨ ᠨᠤᠲᠤᠭ ᠬᠦᠷᠲᠡᠯᠡᠬᠢ ᠡᠯ᠎ᠡ ᠵᠦᠢᠯ ᠤᠨ ︽ᠠᠷᠢᠬᠢ ᠴᠠᠭᠠᠵᠠᠯᠠᠬᠤ ᠵᠠᠷᠯᠢᠭ︾ ᠤᠨ ᠭᠤᠣᠯᠳᠠᠯᠭ᠎ᠠ ᠨᠢ ᠠᠯᠪᠠᠨ ᠶᠠᠪᠤᠳᠠᠯ ᠤᠨ ᠠᠵᠢᠯᠯᠠᠭ᠎ᠠ ᠶᠢ | ᠵᠢᠷᠤᠮᠵᠢᠭᠤᠯᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠳᠠᠯᠠᠬᠤ ᠶᠠᠪᠤᠳᠠᠯ ᠪᠣᠯᠣᠨ᠎ᠠ᠂ ᠬᠠᠷᠢᠨ ᠬᠥᠮᠥᠰ ᠤᠨ ᠬᠤᠭᠤᠷᠣᠨᠳᠣᠬᠢ ᠬᠡᠪ ᠤᠨ ᠶᠠᠪᠤᠯᠴᠠᠭ᠎ᠠ ᠶᠢ | ᠨᠢᠭᠡ ᠯᠡ ᠠᠳᠠᠯᠢ ᠪᠠᠷ ᠬᠤᠷᠢᠭᠯᠠᠬᠤ ᠶᠠᠪᠤᠳᠠᠯ ᠪᠢᠰᠢ ᠶᠤᠮ᠃ ᠨᠠᠮ ᠤᠨ ᠭᠡᠰᠢᠭᠦᠨ ᠺᠠᠳ᠋ᠷᠴᠤᠳ ᠲᠤ ᠬᠤᠪᠢ ᠬᠥᠮᠥᠨ ᠤ ᠬᠡᠪ ᠤᠨ ᠶᠠᠪᠤᠯᠴᠠᠭᠠᠨ ᠤ ᠡᠷᠬᠡ ᠪᠠᠶᠢᠳᠠᠭ᠂ | ᠡᠭᠦᠨ ᠤ ᠤᠷᠢᠲᠠᠯ ᠨᠢ ︽ᠠᠯᠪᠠᠨ ᠶᠠᠪᠤᠳᠠᠯ ᠢ ᠨᠥᠯᠥᠭᠡᠯᠡᠬᠦ ᠦᠭᠡᠢ︾᠂ ︽ᠠᠷᠢᠭᠤᠨ ᠴᠢᠬᠡᠴᠢ ᠶᠢ ᠨᠥᠯᠥᠭᠡᠯᠡᠬᠦ ᠦᠭᠡᠢ︾ ᠪᠠᠶᠢᠬᠤ ᠬᠢᠵᠠᠭᠠᠷ ᠱᠤᠭᠤᠮ ᠢ ᠰᠠᠬᠢᠬᠤ | ᠶᠠᠪᠤᠳᠠᠯ ᠪᠣᠯᠣᠨ᠎ᠠ᠃ | ᠠᠯᠪᠠᠨ ᠲᠤᠰᠢᠶᠠᠯᠲᠠᠨ 24 ᠴᠠᠭ ᠢᠶᠠᠷ ᠠᠷᠢᠬᠢ ᠴᠡᠭᠡᠷᠯᠡᠬᠦ᠂ ᠬᠠᠮᠲᠤ ᠬᠤᠭᠤᠯᠠᠯᠠᠬᠤ ᠳᠤ ᠭᠤᠷᠪᠠᠨ ᠬᠥᠮᠥᠨ ᠢᠶᠠᠷ ᠬᠢᠵᠠᠭᠠᠷᠯᠠᠬᠤ᠂ ᠬᠤᠭᠤᠯᠠᠨ ᠤ ᠵᠠᠷᠤᠳᠠᠯ ᠢ | ᠡᠷᠬᠡᠪᠰᠢ AA ᠪᠠᠶᠢᠯᠭᠠᠬᠤ ᠁ ᠣᠳᠣᠬᠠᠨ ᠳᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠲᠠᠯ᠎ᠠ ᠪᠠᠷ ᠭᠠᠵᠢᠭᠤᠳᠠᠭᠤᠯᠤᠨ | ᠲᠠᠶᠢᠯᠪᠤᠷᠢᠯᠠᠵᠤ ᠪᠠᠶᠢᠭ᠎ᠠ ᠵᠠᠷᠢᠮ ᠶᠠᠪᠤᠳᠠᠯ ᠢ ᠡᠷᠬᠡᠪᠰᠢ ᠰᠡᠷᠡᠮᠵᠢᠯᠡᠬᠦ ᠬᠡᠷᠡᠭᠲᠡᠢ᠃ ᠦᠨᠡᠨ ᠠᠴᠠ ᠵᠥᠪ ᠢ ᠡᠷᠢᠬᠦ ᠪᠣᠯ ᠨᠠᠮ ᠤᠨ ᠦᠨᠳᠦᠰᠦᠨ ᠦᠵᠡᠯ ᠰᠠᠨᠠᠭᠠᠨ ᠤ | ᠠᠷᠭ᠎ᠠ᠂ ᠠᠵᠢᠯ ᠤᠨ ᠠᠷᠭ᠎ᠠ᠂ ᠤᠳᠤᠷᠢᠳᠬᠤ ᠠᠷᠭ᠎ᠠ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠶᠢ ᠴᠡᠭᠴᠡᠯᠡᠨ ᠵᠠᠰᠠᠬᠤ ᠶᠠᠪᠤᠴᠠ ᠳᠤ᠂ ᠡᠷᠬᠡᠪᠰᠢ ᠦᠨᠡᠨ ᠠᠴᠠ ᠵᠥᠪ ᠢ ᠡᠷᠢᠬᠦ ᠶᠢ ᠲᠡᠷᠢᠭᠦᠨ ᠳᠤ ᠲᠠᠯᠪᠢᠵᠤ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠪᠠ ᠬᠡᠪ ᠤᠨ ᠬᠤᠭᠤᠯᠠ ᠤᠮᠳᠠᠭᠠᠨ ᠤ ᠬᠡᠷᠡᠭᠯᠡᠭᠡ ᠶᠢ ᠢᠯᠭᠠᠬᠤ ᠶᠢ ᠠᠩᠬᠠᠷᠴᠤ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠢ | ᠬᠡᠷᠡᠭᠯᠡᠵᠦ᠂ ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠷ᠎ᠡ ᠪᠦᠲᠦᠮᠵᠢ ᠶᠢ ᠠᠮᠢᠳᠤᠯᠢᠭ ᠢᠶᠠᠷ | ᠨᠢᠭᠡᠳᠬᠡᠬᠦ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠨᠢ ᠬᠡᠪ ᠤᠨ ᠬᠡᠷᠡᠭᠯᠡᠭᠡ᠂ ᠵᠠᠬ᠎ᠠ ᠳᠡᠯᠭᠡᠭᠦᠷ ᠤᠨ ᠴᠡᠴᠡᠭᠯᠡᠨ | ᠬᠥᠭᠵᠢᠬᠦ ᠶᠢ ᠠᠬᠢᠭᠤᠯᠬᠤ ᠯᠤᠭ᠎ᠠ ᠬᠠᠷᠰᠢᠯᠳᠤᠭᠤᠯᠬᠤ ᠦᠭᠡᠢ ᠪᠠᠶᠢᠵᠤ᠂ ᠵᠠᠰᠠᠯᠲᠠ ᠶᠢᠨ ᠠᠷᠭ᠎ᠠ ᠮᠠᠶ᠋ᠢᠭ ᠠᠷᠭ᠎ᠠ ᠪᠠᠷᠢᠯ ᠢ ᠴᠢᠬᠤᠯᠠᠴᠢᠯᠠᠨ᠂ ᠳᠦᠷᠢᠮ ᠲᠣᠭᠲᠠᠭᠠᠯ | ᠰᠠᠬᠢᠯᠭ᠎ᠠ ᠪᠠᠲᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠢᠳᠡᠭᠡᠨ ᠤᠮᠳᠠᠭᠠᠨ ᠤ ᠠᠵᠢᠯ ᠲᠥᠷᠥᠯ ᠤᠨ ᠬᠡᠪ ᠤᠨ ᠡᠵᠡᠩᠨᠡᠯᠲᠡ ᠪᠠ | ᠣᠯᠠᠨ ᠲᠦᠮᠡᠨ ᠤ ᠬᠡᠪ ᠤᠨ ᠬᠡᠷᠡᠭᠯᠡᠭᠡ ᠶᠢ ᠨᠥᠯᠥᠭᠡᠯᠡᠵᠦ ᠪᠣᠯᠬᠤ ᠦᠭᠡᠢ᠂ ᠲᠥᠷᠥ ᠶᠢᠨ ᠪᠣᠳᠣᠯᠭ᠎ᠠ ᠠᠴᠠ ᠵᠥᠷᠢᠴᠡᠨ ᠨᠢᠭᠡ ᠯᠡ ᠠᠳᠠᠯᠢ ᠪᠠᠷ ᠱᠠᠭᠠᠷᠳᠠᠵᠤ᠂ ᠱᠠᠲᠤ | ᠱᠠᠲᠤ ᠪᠠᠷ ᠳᠠᠷᠤᠭᠠᠰᠤ ᠨᠡᠮᠡᠵᠦ ᠪᠣᠯᠬᠤ ᠦᠭᠡᠢ᠃ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠳᠤ ︽ᠰᠡᠯᠲᠡᠵᠦ︾ ᠪᠣᠯᠬᠤ ᠦᠭᠡᠢ᠂ ᠨᠠᠩ ᠴᠤ ︽ᠠᠩᠬᠠᠷᠤᠯ ᠢᠶᠠᠨ ᠰᠠᠷᠨᠢᠭᠤᠯᠵᠤ | ︾ ᠪᠣᠯᠬᠤ ᠦᠭᠡᠢ᠂ ᠬᠠᠷᠠᠯᠲᠠ ᠲᠠᠢ ᠪᠠᠷ ᠠᠵᠢᠯᠯᠠᠪᠠᠯ ᠰᠠᠶ᠋ᠢ ᠪᠣᠳᠠᠲᠤ ᠦᠷ᠎ᠡ ᠪᠦᠲᠦᠮᠵᠢ ᠣᠯᠵᠤ ᠴᠢᠳᠠᠨ᠎ᠠ᠃ ᠰᠢᠯᠢᠳᠡᠭ ᠰᠤᠷᠲᠠᠯ ᠢᠶᠠᠷ ᠰᠡᠳᠬᠢᠯ ᠢᠶᠠᠨ | ᠨᠢᠭᠲᠠᠷᠠᠭᠤᠯᠤᠨ ᠬᠦᠴᠦᠨ ᠢᠶᠠᠨ ᠬᠠᠮᠲᠤᠳᠬᠠᠪᠠᠯ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠴᠡᠪᠡᠷ | ᠠᠷᠢᠭᠤᠨ ᠬᠦᠴᠦᠷᠬᠡᠭ ᠶᠡᠭᠡ ᠴᠤᠭ ᠵᠢᠪᠬᠤᠭ᠎ᠠ ᠨᠡᠮᠡᠷᠢᠯᠡᠵᠦ ᠴᠢᠳᠠᠨ᠎ᠠ᠃ |