ᠥᠪᠥᠷ ᠮᠣᠩᠭᠤᠯ 161.29 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠪᠠ
ᠨᠡᠶᠢᠲᠡᠯᠡᠭᠰᠡᠨ ᠴᠠᠭ᠄
2025/7/3
    6 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ 2025 ᠣᠨ ᠤ ᠲᠠᠪᠤᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 161.29 ᠳ᠋ᠦᠩᠰᠢᠭᠤᠷ ᠲᠥᠭᠦᠷᠢᠭ ᠲᠠᠷᠬᠠᠭᠠᠪᠠ᠃     ᠣᠶᠢᠯᠠᠭᠠᠭᠰᠠᠨ ᠢᠶᠠᠷ᠂ ᠲᠣᠰ ᠪᠦᠯᠦᠭ ᠤᠨ ᠵᠢᠭᠡᠯᠡᠯᠭᠡ ᠶᠢᠨ ᠲᠡᠮᠳᠡᠭᠲᠦ ᠨᠢ ᠴᠥᠮ 10 ᠵᠢᠯ ᠤᠨ ᠬᠤᠭᠤᠴᠠᠭ᠎ᠠ ᠲᠠᠢ ᠳᠠᠬᠢᠨᠲᠠ ᠪᠡᠯᠡ ᠲᠣᠬᠢᠷᠠᠭᠤᠯᠬᠤ ᠡᠩ ᠤᠨ ᠵᠢᠭᠡᠯᠡᠯᠭᠡ ᠶᠢᠨ ᠲᠡᠮᠳᠡᠭᠲᠦ ︵ᠬᠦᠦ ᠮᠥᠩᠭᠦ ᠶᠢᠨ ᠨᠣᠷᠮ᠎ᠠ ᠨᠢ 1.77%︶ ᠪᠠᠶᠢᠵᠤ᠂ ᠬᠤᠭᠤᠴᠠᠭ᠎ᠠ ᠨᠢ ᠲᠤᠯᠤᠭᠰᠠᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠪᠤᠴᠠᠭᠠᠬᠤ ᠳᠤ ᠬᠡᠷᠡᠭᠯᠡᠭᠦᠯᠦᠨ᠎ᠡ᠃ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠬᠤ ᠭᠤᠣᠯ ᠴᠣᠭᠴᠠ ᠠᠴᠠ ᠠᠪᠴᠤ ᠦᠵᠡᠪᠡᠯ᠂ ᠪᠠᠩᠬᠢ ᠶᠢᠨ ᠳᠠᠭᠠᠭᠠᠨ ᠪᠣᠷᠣᠯᠠᠭᠤᠯᠬᠤ ᠵᠢᠭᠡᠯᠡᠯᠭᠡ ᠶᠢᠨ ᠲᠡᠮᠳᠡᠭᠲᠦ 160.39 ᠳ᠋ᠦᠩᠰᠢᠭᠤᠷ ᠲᠥᠭᠦᠷᠢᠭ᠂ ᠲᠡᠮᠳᠡᠭᠲᠦ ᠶᠢᠨ ᠬᠤᠳᠠᠯᠳᠤᠭᠠᠴᠢᠨ ᠳᠠᠭᠠᠭᠠᠨ ᠪᠣᠷᠣᠯᠠᠭᠤᠯᠬᠤ ᠵᠢᠭᠡᠯᠡᠯᠭᠡ ᠶᠢᠨ ᠲᠡᠮᠳᠡᠭᠲᠦ 0.9 ᠳ᠋ᠦᠩᠰᠢᠭᠤᠷ ᠲᠥᠭᠦᠷᠢᠭ ᠪᠣᠯᠣᠨ᠎ᠠ᠃ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠭᠰᠠᠨ ᠲᠤᠬᠠᠢ ᠶᠢᠨ ᠡᠳᠦᠷ᠂ ᠪᠥᠬᠦ ᠲᠠᠯᠠᠪᠠᠶ ᠳᠠᠬᠢ ᠳᠠᠭᠠᠭᠠᠴᠢᠯᠠᠯᠲᠠ ᠬᠦᠯᠢᠶᠡᠭᠰᠡᠨ ᠪᠥᠬᠦ ᠵᠣᠭᠤᠰ ᠤᠨ ᠲᠤᠭ᠎ᠠ 4218.1 ᠳ᠋ᠦᠩᠰᠢᠭᠤᠷ ᠲᠥᠭᠦᠷᠢᠭ ᠲᠤ ᠬᠦᠷᠴᠦ᠂ ᠳᠠᠭᠠᠭᠠᠴᠢᠯᠠᠯᠲᠠ ᠬᠦᠯᠢᠶᠡᠭᠰᠡᠨ ᠳᠠᠬᠢᠨ ᠲᠤᠭ᠎ᠠ 26 ᠳᠠᠬᠢᠨ ᠢ ᠳᠠᠪᠠᠵᠤ᠂ ᠵᠠᠬ᠎ᠠ ᠳᠡᠯᠭᠡᠭᠦᠷ ᠤᠨ ᠬᠢᠨ ᠤ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠢ ᠳᠤ ᠪᠠᠲᠤ ᠢᠲᠡᠭᠡᠯ ᠲᠠᠢ ᠪᠠᠶᠢᠬᠤ ᠪᠠ ᠵᠠᠰᠠᠭ ᠤᠨ ᠣᠷᠳᠣᠨ ᠤ ᠢᠲᠡᠭᠡᠮᠵᠢ ᠶᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠶᠢ ᠬᠠᠷᠠᠭᠤᠯᠪᠠ᠃     ᠣᠶᠢᠯᠠᠭᠠᠭᠰᠠᠨ ᠢᠶᠠᠷ᠂ ᠲᠣᠰ ᠪᠦᠯᠦᠭ ᠤᠨ ᠳᠠᠬᠢᠨᠲᠠ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠠᠮᠵᠢᠯᠲᠠ ᠲᠠᠢ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠨᠢᠭᠡᠨᠲᠡ ᠪᠥᠬᠦ ᠵᠢᠯ ᠤᠨ ᠳᠠᠬᠢᠨᠲᠠ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠡᠭᠦᠷᠭᠡ ᠶᠢᠨ 56. 9% ᠶᠢ ᠨᠢ ᠪᠡᠶᠡᠯᠡᠭᠦᠯᠵᠦ᠂ ᠬᠤᠭᠤᠴᠠᠭ᠎ᠠ ᠲᠤᠯᠤᠭᠰᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠲᠥᠯᠥᠬᠦ ᠳᠠᠷᠤᠯᠲᠠ ᠪᠠᠨ ᠪᠦᠲᠦᠮᠵᠢᠲᠡᠶ ᠨᠠᠮᠳᠠᠭᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ