ᠴᠦᠯᠡᠷᠬᠡᠭᠵᠢᠯ ᠪᠣᠯ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠯ ᠪᠠ ᠬᠥᠭᠵᠢᠯᠲᠡ ᠶᠢ ᠨᠥᠯᠥᠭᠡᠯᠡᠬᠦ ᠪᠦᠬᠦ ᠪᠥᠮᠪᠥᠷᠴᠡᠭ ᠤᠨ ᠴᠢᠨᠠᠷᠲᠠᠢ ᠠᠮᠢ ᠠᠬᠤᠢ ᠶᠢᠨ | ᠴᠢᠬᠤᠯᠠ ᠶᠡᠭᠡ ᠠᠰᠠᠭᠤᠳᠠᠯ ᠪᠣᠯᠣᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠣᠯ ᠴᠦᠯᠡᠷᠬᠡᠭᠵᠢᠯ ᠢ ᠰᠡᠷᠭᠡᠶᠢᠯᠡᠨ ᠵᠠᠰᠠᠬᠤ ᠶᠢᠨ ᠭᠤᠣᠯ ᠡᠭᠦᠷᠭᠡ | ᠮᠥᠷᠲᠡᠭᠡᠨ ᠶᠡᠷᠦᠩᠬᠡᠢ ᠱᠦᠵᠢ ᠰᠢ ᠶᠢᠨ ᠫᠢᠩ ᠤᠨ ᠭᠦᠨ ᠰᠠᠨᠠᠭᠠᠰᠢᠷᠠᠵᠤ ᠪᠠᠶᠢᠭ᠎ᠠ ᠶᠠᠪᠤᠳᠠᠯ ᠪᠣᠯᠣᠨ᠎ᠠ᠃ ᠲᠡᠷᠡ ᠥᠪᠥᠷ ᠮᠣᠩᠭᠤᠯ᠂ ᠭᠠᠨᠰᠤ᠂ ᠾᠧᠪᠧᠢ ᠵᠡᠷᠭᠡ | ᠭᠠᠵᠠᠷ ᠲᠤ ᠣᠯᠠᠨᠲᠠ ᠬᠦᠷᠴᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠰᠢᠨᠵᠢᠯᠡᠨ ᠪᠠᠶᠢᠴᠠᠭᠠᠯᠲᠠ ᠬᠢᠭᠰᠡᠨ ᠪᠥᠭᠡᠳ ᠨᠡᠶᠢᠰᠯᠡᠯ ᠤᠨ ᠠᠯᠪᠠᠨ | ᠵᠢᠷᠤᠮ ᠤᠨ ᠮᠣᠳᠣ ᠲᠠᠷᠢᠬᠤ ᠠᠵᠢᠯ ᠳᠤ ᠲᠦᠷᠦᠭᠦᠯᠡᠨ ᠣᠷᠣᠯᠴᠠᠬᠤ ᠶᠢ ᠪᠠᠷᠢᠮᠲᠠᠯᠠᠪᠠ᠃ | ᠣᠯᠠᠨ ᠢᠶᠠᠷ ᠢᠶᠠᠨ ᠮᠣᠳᠣ ᠲᠠᠷᠢᠪᠠᠰᠤ ᠣᠢ ᠪᠣᠯᠣᠮᠤᠢ᠃ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠤᠯᠤᠰ ᠤᠨ ᠴᠥᠯᠡᠷᠬᠡᠭᠵᠢᠯ ᠪᠠ ᠭᠠᠵᠠᠷ | ᠰᠢᠷᠣᠢ ᠶᠢᠨ ᠡᠯᠡᠰᠦᠵᠢᠯ ︽ᠬᠤᠣᠰ ᠪᠠᠭᠠᠰᠤᠯᠲᠠ︾ ᠶᠢ ᠪᠡᠶᠡᠯᠡᠭᠦᠯᠵᠦ᠂ ᠰᠠᠯᠬᠢ ᠡᠯᠡᠰᠦᠨ ᠤ ᠬᠥᠨᠥᠭᠡᠯ ᠪᠠ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠪᠠᠷ | ᠬᠤᠷᠢᠭᠯᠠᠪᠠ᠃ ᠡᠬᠡ ᠭᠠᠵᠠᠷ ᠨᠣᠭᠤᠭᠠᠷᠠᠵᠤ᠂ ᠬᠦᠰᠡᠯ ᠡᠷᠡᠮᠡᠯᠵᠡᠯ ᠢᠶᠠᠷ ᠪᠢᠯᠬᠠᠵᠤ᠂ ᠬᠥᠮᠥᠨ ᠪᠠ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠣᠳᠣᠬᠢᠴᠢᠯᠠᠯᠲᠠ ᠶᠢᠨ ᠠᠯᠬᠤᠭ᠎ᠠ ᠢᠳᠡᠷᠡᠭᠦᠨ ᠪᠠᠶᠢᠨ᠎ᠠ᠃ |