ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 24 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠤᠨ ᠤ ᠤᠯᠠᠷᠢᠯ ᠤᠨ | ᠳᠡᠯᠡᠬᠡᠢ ᠶᠢᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ ᠳᠤ ᠣᠷᠣᠯᠴᠠᠬᠤ ᠪᠠᠷ ᠳᠤᠮᠳᠠᠳᠤ ᠳᠤ ᠢᠷᠡᠭᠰᠡᠨ ᠡᠺᠦ᠋ᠸᠠᠳᠣᠷ ᠤᠨ ᠶᠡᠷᠦᠩᠬᠡᠶᠢᠯᠡᠭᠴᠢ ᠨᠣᠪᠣᠸᠠ ᠲᠠᠢ | ᠠᠭᠤᠯᠵᠠᠯᠲᠠ ᠬᠢᠪᠡ᠃ | | | | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠵᠤᠨ ᠤ ᠤᠯᠠᠷᠢᠯ ᠤᠨ ᠳᠡᠯᠡᠬᠡᠢ ᠶᠢᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ ᠳᠤ ᠣᠷᠣᠯᠴᠠᠬᠤ ᠪᠠᠷ | ᠳᠤᠮᠳᠠᠳᠤ ᠳᠤ ᠢᠷᠡᠭᠰᠡᠨ ᠡᠺᠦ᠋ᠸᠠᠳᠣᠷ ᠤᠨ ᠶᠡᠷᠦᠩᠬᠡᠶᠢᠯᠡᠭᠴᠢ ᠨᠣᠪᠣᠸᠠ ᠲᠠᠢ ᠠᠭᠤᠯᠵᠠᠯᠲᠠ ᠬᠢᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ | ᠰᠡᠭᠦᠳᠡᠷᠯᠡᠪᠡ | ᠯᠢ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠪᠠ ᠡᠺᠦ᠋ᠸᠠᠳᠣᠷ ᠬᠤᠭᠤᠷᠣᠨᠳᠤ ᠮᠠᠰᠢ ᠬᠤᠯᠠ ᠶᠢᠨ ᠵᠠᠢ ᠪᠠᠶᠢᠪᠠᠴᠤ ᠬᠤᠶᠠᠷ ᠤᠯᠤᠰ ᠤᠨ ᠠᠷᠠᠳ ᠲᠦᠮᠡᠨ ᠤ | ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠃ ᠬᠠᠷᠢᠯᠴᠠᠭ᠎ᠠ ᠪᠠᠶᠢᠭᠤᠯᠤᠭᠳᠠᠭᠰᠠᠨ 45 ᠵᠢᠯ ᠤᠨ ᠲᠤᠷᠰᠢ᠂ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠢᠮᠠᠭᠲᠠ | ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠵᠤ᠂ ᠤᠯᠤᠰ ᠲᠦᠷᠦ ᠶᠢᠨ ᠢᠲᠡᠭᠡᠯᠴᠡᠭᠡ ᠡᠳᠦᠷ ᠢᠷᠡᠬᠦᠶ᠎ᠡ ᠪᠠᠬᠢᠵᠢᠵᠦ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠳᠤᠮᠳᠠᠳᠤ ᠪᠠ ᠡᠺᠦ᠋ᠸᠠᠳᠣᠷ ᠤᠨ ᠨᠥᠬᠦᠷᠯᠡᠯ ᠨᠢ ᠬᠥᠮᠥᠰ ᠤᠨ ᠰᠡᠳᠬᠢᠯ ᠳᠤ ᠨᠡᠩ ᠭᠦᠨ ᠰᠠᠭᠤᠭᠳᠠᠪᠠ | ᠃ ᠳᠤᠮᠳᠠᠳᠤ ᠶᠢᠨ ᠲᠠᠯ᠎ᠠ ᠳᠤᠮᠳᠠᠳᠤ ᠪᠠ ᠡᠺᠦ᠋ᠸᠠᠳᠣᠷ ᠤᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠲᠡᠷᠢᠭᠦᠯᠡᠭᠴᠢ ᠰᠢ ᠶᠢᠨ ᠫᠢᠩ | ᠶᠡᠷᠦᠩᠬᠡᠶᠢᠯᠡᠭᠴᠢ ᠠᠪᠤᠭᠠᠢ ᠲᠠᠢ ᠠᠭᠤᠯᠵᠠᠯᠲᠠ ᠬᠢᠵᠦ᠂ ᠬᠤᠶᠠᠷ ᠤᠯᠤᠰ ᠤᠨ ᠬᠠᠷᠢᠯᠴᠠᠭᠠᠨ ᠤ ᠴᠢᠨᠠᠭᠰᠢᠳᠠ ᠶᠢᠨ ᠬᠥᠭᠵᠢᠯᠲᠡ ᠳᠤ ᠰᠢᠨ᠎ᠡ ᠲᠥᠯᠥᠪᠯᠡᠭᠡ ᠵᠢᠷᠤᠭᠯᠠᠬᠤ | ᠪᠣᠯᠣᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠡᠺᠦ᠋ᠸᠠᠳᠣᠷ ᠤᠨ ᠲᠠᠯ᠎ᠠ ᠯᠤᠭ᠎ᠠ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠪᠠᠨ ᠥᠷᠭᠡᠳᠬᠡᠵᠦ᠂ ᠳᠤᠮᠳᠠᠳᠤ ᠪᠠ ᠡᠺᠦ᠋ᠸᠠᠳᠣᠷ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭᠠᠨ ᠤ ᠲᠠᠰᠤᠷᠠᠯᠳᠡ | ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠡᠩ ᠤᠯᠠᠨ ᠬᠥᠳᠡᠯᠭᠡᠭᠴᠢ | ᠬᠦᠴᠦᠨ ᠨᠡᠮᠡᠷᠢᠯᠡᠨ᠎ᠡ ᠭᠡᠵᠡᠢ᠃ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠳᠤᠮᠳᠠᠳᠤ ᠪᠠ ᠡᠺᠦ᠋ᠸᠠᠳᠣᠷ ᠪᠣᠯ ᠴᠥᠮ ᠬᠥᠭᠵᠢᠵᠦ ᠪᠠᠶᠢᠭ᠎ᠠ ᠤᠯᠤᠰ ᠮᠥᠨ᠂ ᠴᠥᠮ ᠠᠵᠤ ᠠᠬᠤᠢ ᠶᠢ | ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠴᠢᠬᠤᠯᠠ ᠡᠭᠦᠷᠭᠡ ᠪᠠᠨ ᠪᠣᠯᠭᠠᠵᠤ ᠪᠠᠶᠢᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠡᠺᠦ᠋ᠸᠠᠳᠣᠷ ᠤᠨ | ᠲᠠᠯ᠎ᠠ ᠯᠤᠭ᠎ᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠤᠨ ᠬᠠᠮᠲᠤᠷᠠᠯᠴᠠᠭ᠎ᠠ ᠪᠠᠨ | ᠴᠢᠩᠭᠠᠷᠠᠭᠤᠯᠵᠤ᠂ ᠬᠤᠶᠠᠷ ᠲᠠᠯ᠎ᠠ ᠶᠢᠨ ᠠᠷᠠᠯᠵᠢᠶᠠᠨ ᠤ ᠬᠡᠪᠴᠢᠶ᠎ᠡ ᠪᠠᠨ ᠥᠷᠭᠡᠳᠬᠡᠵᠦ᠂ ᠴᠡᠪᠡᠷ ᠡᠨᠧᠷᠭᠢ᠂ ᠰᠠᠭᠤᠷᠢ ᠪᠡᠯᠡᠳᠬᠡᠮᠵᠢ᠂ ᠮᠥᠩᠭᠦᠨ ᠭᠦᠢᠯᠭᠡᠭᠡ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠡᠺᠦ᠋ᠸᠠᠳᠣᠷ ᠤᠨ ᠲᠠᠯ᠎ᠠ ᠶᠢᠨ ᠨᠡᠩ ᠤᠯᠠᠨ ᠰᠢᠯᠢᠳᠡᠭ ᠪᠦᠲᠦᠭᠡᠭᠳᠡᠬᠦᠨ ᠳᠤᠮᠳᠠᠳᠤ ᠤᠯᠤᠰ ᠲᠤ | ᠣᠷᠣᠵᠤ ᠢᠷᠡᠬᠦ ᠶᠢ ᠳᠤᠮᠳᠠᠳᠤ ᠶᠢᠨ ᠲᠠᠯ᠎ᠠ ᠳᠤᠷᠠᠲᠠᠶ᠎ᠠ ᠬᠠᠷᠠᠵᠤ᠂ ᠣᠯᠠᠨ ᠤᠯᠤᠰ ᠤᠨ ᠭᠠᠳᠠᠭᠠᠳᠤ ᠣᠷᠤᠭᠤᠯᠤᠯᠲᠠ ᠶᠢᠨ ᠦᠵᠡᠰᠬᠦᠯᠡᠩ ᠵᠡᠷᠭᠡ ᠲᠠᠨᠢᠯᠴᠠᠭᠤᠯᠬᠤ | ᠲᠠᠪᠴᠠᠩ ᠢ ᠡᠺᠦ᠋ᠸᠠᠳᠣᠷ ᠤᠨ ᠲᠠᠯ᠎ᠠ ᠰᠠᠶᠢᠲᠤᠷ ᠠᠰᠢᠭᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ᠂ ᠰᠣᠶᠣᠯ᠂ | ᠵᠠᠯᠠᠭᠤᠴᠤᠳ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠥᠮᠥᠰ ᠤᠨ ᠶᠠᠪᠤᠯᠴᠠᠭ᠎ᠠ ᠳᠤ ᠲᠦᠬᠦᠮ ᠦᠵᠡᠭᠦᠯᠵᠦ᠂ | ᠬᠤᠶᠠᠷ ᠤᠯᠤᠰ ᠤᠨ ᠬᠠᠷᠢᠯᠴᠠᠭᠠᠨ ᠤ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠳᠤᠮᠳᠠᠳᠤ ᠶᠢᠨ ᠲᠠᠯ᠎ᠠ ᠳᠤᠷᠠᠲᠠᠶ᠎ᠠ ᠡᠺᠦ᠋ᠸᠠᠳᠣᠷ ᠵᠡᠷᠭᠡ | ᠯᠠᠲ᠋ᠢᠨ ᠠᠮᠧᠷᠢᠺᠠ ᠲᠢᠪ ᠪᠠ ᠺᠠᠷᠢᠪᠪᠢ ᠶᠢᠨ ᠤᠯᠤᠰ ᠤᠳ ᠯᠤᠭ᠎ᠠ ᠬᠠᠮᠲᠤ ᠪᠠᠷ᠂ ᠳᠤᠮᠳᠠᠳᠤ ᠪᠠ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ︽ᠲᠠᠪᠤᠨ ᠶᠡᠭᠡ ᠢᠨᠵᠧᠨᠧᠷᠢᠩ︾ ᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠣᠳᠣᠬᠢᠴᠢᠯᠠᠯᠲᠠ ᠶᠢ ᠪᠡᠶᠡᠯᠡᠭᠦᠯᠬᠦ ᠵᠠᠮ ᠳᠡᠭᠡᠷ᠎ᠡ ᠭᠠᠷ ᠬᠤᠯᠪᠣᠨ | ᠤᠷᠤᠭᠰᠢᠯᠠᠨ᠎ᠠ᠃ ᠳᠤᠮᠳᠠᠳᠤ ᠶᠢᠨ ᠲᠠᠯ᠎ᠠ ᠪᠠᠰᠠ ᠳᠤᠷᠠᠲᠠᠶ᠎ᠠ ᠡᠺᠦ᠋ᠸᠠᠳᠣᠷ ᠤᠨ ᠲᠠᠯ᠎ᠠ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ | ᠲᠠᠯ᠎ᠠ ᠶᠢᠨ ᠲᠣᠭᠲᠠᠴᠠ ᠶᠢᠨ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠳᠡᠯᠡᠬᠡᠢ ᠶᠢᠨ ᠡᠩᠬᠡ | ᠲᠠᠶᠢᠪᠤᠩ ᠪᠠ ᠬᠥᠭᠵᠢᠯᠲᠡ ᠶᠢ ᠬᠠᠮᠠᠭᠠᠯᠠᠬᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃ | ᠨᠣᠪᠣᠸᠠ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠣᠯ ᠡᠺᠦ᠋ᠸᠠᠳᠣᠷ ᠤᠨ ᠠᠷᠠᠯᠵᠢᠶᠠᠨ ᠤ ᠬᠤᠶᠠᠳᠤᠭᠠᠷ ᠲᠣᠮᠣ ᠬᠠᠨᠢᠲᠠᠨ ᠪᠠᠶᠢᠵᠤ᠂ ᠬᠤᠶᠠᠷ ᠲᠠᠯ᠎ᠠ ᠶᠢᠨ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠡᠺᠦ᠋ᠸᠠᠳᠣᠷ ᠤᠨ ᠠᠷᠠᠳ ᠲᠦᠮᠡᠨ ᠤ ᠪᠤᠶᠠᠨ ᠵᠢᠷᠭᠠᠯ ᠢ ᠬᠦᠴᠦᠲᠡᠢ | ᠨᠡᠮᠡᠭᠳᠡᠭᠦᠯᠵᠡᠢ᠃ ᠡᠺᠦ᠋ᠸᠠᠳᠣᠷ ᠤᠨ ᠲᠠᠯ᠎ᠠ ᠡᠺᠦ᠋ᠸᠠᠳᠣᠷ ᠪᠠ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠬᠠᠷᠢᠯᠴᠠᠨ ᠬᠦᠨᠳᠦᠳᠬᠡᠬᠦ᠂ ᠨᠡᠭᠡᠭᠡᠯᠲᠡ ᠬᠢᠵᠦ ᠪᠣᠳᠠᠲᠠᠢ ᠶᠢ ᠡᠷᠬᠢᠮᠯᠡᠬᠦ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ | ᠳᠤᠮᠳᠠᠳᠤ ᠶᠢᠨ ᠲᠠᠯ᠎ᠠ ᠯᠤᠭ᠎ᠠ ᠡᠯ᠎ᠡ ᠬᠦᠷᠢᠶᠡᠨ ᠳᠤ ᠶᠠᠷᠢᠯᠴᠠᠭ᠎ᠠ ᠥᠷᠨᠢᠭᠦᠯᠵᠦ᠂ ᠬᠤᠶᠠᠷ ᠤᠯᠤᠰ ᠤᠨ ᠨᠥᠬᠦᠷᠯᠡᠯ ᠢ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ | ᠲᠥᠯᠦᠪᠵᠢᠭᠦᠯᠭᠡ ᠪᠠᠨ ᠴᠢᠩᠭᠠᠳᠬᠠᠵᠤ᠂ ᠠᠷᠠᠯᠵᠢᠶ᠎ᠠ᠂ ᠮᠥᠩᠭᠦᠨ ᠭᠦᠢᠯᠭᠡᠭᠡ᠂ ᠬᠥᠳᠡᠭᠡ ᠠᠵᠤ ᠠᠬᠤᠢ᠂ ᠴᠡᠪᠡᠷ ᠡᠨᠧᠷᠭᠢ᠂ ᠰᠠᠭᠤᠷᠢ ᠪᠦᠲᠦᠭᠡᠨ ᠪᠠᠶᠢᠭᠤᠯᠤᠯᠲᠠ᠂ | ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠠᠬᠢᠭᠤᠯᠵᠤ᠂ ᠬᠥᠮᠥᠨ ᠰᠣᠶᠣᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠭᠠᠷ ᠬᠤᠯᠪᠣᠨ | ᠬᠠᠮᠲᠤ ᠶᠢᠨ ᠥᠷᠢᠰᠦᠯᠳᠦᠭᠡᠨ ᠢ ᠠᠷᠭᠠᠴᠠᠭᠠᠨ᠎ᠠ ᠭᠡᠵᠡᠢ᠃ | ᠦ᠋ ᠵᠧᠩ ᠯᠦᠩ ᠠᠭᠤᠯᠵᠠᠯᠲᠠ ᠳᠤ ᠣᠷᠣᠯᠴᠠᠪᠠ᠃ |