ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ ᠰᠣᠨᠢᠨ ᠮᠡᠳᠡᠭᠡ | ᠨᠡᠶᠢᠲᠡᠯᠡᠬᠦ ᠬᠤᠷᠠᠯ ᠬᠢᠵᠦ᠂ ᠶᠠᠫᠤᠨ ᠢ ᠡᠰᠡᠷᠭᠦᠴᠡᠭᠰᠡᠨ ᠳᠤᠮᠳᠠᠳᠤ ᠤᠯᠤᠰ ᠤᠨ ᠠᠷᠠᠳ ᠲᠦᠮᠡᠨ ᠤ ᠳᠠᠶᠢᠨ ᠬᠢᠭᠡᠳ ᠹᠠᠱᠢᠰ ᠢ ᠡᠰᠡᠷᠭᠦᠴᠡᠭᠰᠡᠨ ᠳᠡᠯᠡᠬᠡᠢ ᠶᠢᠨ | ᠳᠠᠶᠢᠨ ᠤ ᠢᠯᠠᠯᠲᠠ ᠣᠯᠣᠭᠰᠠᠨ 80 ᠵᠢᠯ ᠤᠨ ᠣᠢ ᠶᠢ ᠳᠤᠷᠠᠰᠬᠠᠬᠤ ᠠᠵᠢᠯᠯᠠᠭᠠᠨ ᠤ ᠶᠡᠷᠦᠩᠬᠡᠢ ᠲᠣᠬᠢᠷᠠᠭᠤᠯᠤᠯᠲᠠ ᠶᠢ ᠲᠠᠨᠢᠯᠴᠠᠭᠤᠯᠪᠠ᠃ | ᠰᠤᠷᠪᠤᠯᠵᠢᠯᠠᠭᠴᠢ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠄ | 9 ᠳ᠋ᠦ᠋ᠭᠡᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠪᠡᠭᠡᠵᠢᠩ ᠤᠨ ᠲᠢᠶᠠᠨ ᠠᠨ ᠮᠧᠨ ᠲᠠᠯᠠᠪᠠᠶ ᠳᠤ ᠶᠠᠫᠤᠨ ᠢ ᠡᠰᠡᠷᠭᠦᠴᠡᠭᠰᠡᠨ ᠳᠤᠮᠳᠠᠳᠤ | ᠤᠯᠤᠰ ᠤᠨ ᠠᠷᠠᠳ ᠲᠦᠮᠡᠨ ᠤ ᠳᠠᠶᠢᠨ ᠬᠢᠭᠡᠳ ᠹᠠᠱᠢᠰ ᠢ ᠡᠰᠡᠷᠭᠦᠴᠡᠭᠰᠡᠨ ᠳᠡᠯᠡᠬᠡᠢ ᠶᠢᠨ ᠳᠠᠶᠢᠨ ᠤ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ | ᠶᠡᠭᠡ ᠬᠤᠷᠠᠯ ᠬᠢᠬᠦ ᠪᠣᠯᠣᠨ᠎ᠠ᠂ ᠡᠭᠦᠨ ᠳᠤ ᠴᠡᠷᠢᠭ ᠠᠩᠭᠢ ᠶᠢ ᠰᠢᠯᠭᠠᠨ ᠦᠵᠡᠬᠦ ᠠᠵᠢᠯᠯᠠᠭᠠᠨ ᠪᠠᠭᠲᠠᠨ᠎ᠠ᠃ | 9 ᠳ᠋ᠦ᠋ᠭᠡᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠠᠫᠤᠨ ᠢ ᠡᠰᠡᠷᠭᠦᠴᠡᠭᠰᠡᠨ ᠳᠤᠮᠳᠠᠳᠤ ᠤᠯᠤᠰ ᠤᠨ | ᠠᠷᠠᠳ ᠲᠦᠮᠡᠨ ᠤ ᠳᠠᠶᠢᠨ ᠬᠢᠭᠡᠳ ᠹᠠᠱᠢᠰ ᠢ ᠡᠰᠡᠷᠭᠦᠴᠡᠭᠰᠡᠨ ᠳᠡᠯᠡᠬᠡᠢ ᠶᠢᠨ ᠳᠠᠶᠢᠨ ᠤ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠳᠤ | ᠣᠷᠣᠯᠴᠠᠬᠤ ᠪᠥᠭᠡᠳ ᠶᠠᠷᠢᠶ᠎ᠠ ᠲᠠᠯᠪᠢᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠨᠡᠷ᠎ᠡ ᠪᠠᠷ᠂ ᠶᠠᠫᠤᠨ ᠢ ᠡᠰᠡᠷᠭᠦᠴᠡᠭᠰᠡᠨ ᠳᠠᠶᠢᠨ ᠳᠤ ᠣᠷᠣᠯᠴᠠᠭᠰᠠᠨ ᠮᠥᠨ ᠠᠮᠢᠳᠤ ᠰᠡᠷᠡᠭᠦᠨ ᠪᠠᠶᠢᠭ᠎ᠠ ᠠᠬᠠᠮᠠᠳ ᠪᠠᠶᠢᠯᠳᠤᠭᠴᠢ᠂ ᠠᠬᠠᠮᠠᠳ ᠨᠥᠬᠦᠳ᠂ ᠶᠠᠫᠤᠨ ᠢ | ᠡᠰᠡᠷᠭᠦᠴᠡᠭᠰᠡᠨ ᠳᠠᠶᠢᠨ ᠳᠤ ᠣᠷᠣᠯᠴᠠᠭᠰᠠᠨ ᠵᠠᠩᠵᠤᠨ ᠪᠤᠶᠤ ᠲᠡᠳᠡᠭᠡᠷ ᠨᠥᠭᠴᠢᠭᠰᠡᠳ ᠤᠨ ᠭᠡᠷ ᠪᠦᠯᠢ ᠶᠢᠨ ᠬᠢᠨ ᠳᠤ ︽ᠶᠠᠫᠤᠨ ᠢ ᠡᠰᠡᠷᠭᠦᠴᠡᠭᠰᠡᠨ ᠳᠤᠮᠳᠠᠳᠤ | ᠤᠯᠤᠰ ᠤᠨ ᠠᠷᠠᠳ ᠲᠦᠮᠡᠨ ᠤ ᠳᠠᠶᠢᠨ ᠤ ᠢᠯᠠᠯᠲᠠ ᠣᠯᠣᠭᠰᠠᠨ 80 ᠵᠢᠯ ᠤᠨ ᠣᠶ︾ ᠶᠢᠨ ᠳᠤᠷᠠᠰᠬᠠᠯ ᠤᠨ ᠲᠡᠮᠳᠡᠭ ᠣᠯᠭᠤᠨ᠎ᠠ᠃ | ᠶᠠᠫᠤᠨ ᠢ ᠡᠰᠡᠷᠭᠦᠴᠡᠭᠰᠡᠨ ᠳᠠᠶᠢᠨ ᠤ ᠳᠥᠷᠪᠡᠳᠦᠭᠡᠷ ᠪᠦᠯᠦᠭ ᠢᠶᠠᠷ ᠨᠡᠶᠢᠲᠡᠯᠡᠬᠦ ᠤᠯᠤᠰ ᠤᠨ ᠳᠡᠰ ᠤᠨ ᠳᠤᠷᠠᠰᠬᠠᠯ ᠤᠨ ᠪᠡᠯᠡᠳᠬᠡᠮᠵᠢ᠂ ᠪᠠᠭᠤᠷᠢ ᠶᠢᠨ ᠨᠡᠷᠡᠰ ᠤᠨ | ᠵᠢᠭᠰᠠᠭᠠᠯᠲᠠ ᠪᠠ ᠶᠠᠫᠤᠨ ᠢ ᠡᠰᠡᠷᠭᠦᠴᠡᠭᠰᠡᠨ ᠳᠠᠶᠢᠨ ᠳᠤ ᠦᠷᠡᠭᠳᠡᠭᠰᠡᠨ ᠪᠠᠭᠠᠲᠤᠷ᠂ ᠪᠠᠭᠠᠲᠤᠷᠴᠤᠳ ᠤᠨ ᠨᠡᠷᠡᠰ ᠢ ᠨᠡᠶᠢᠲᠡᠯᠡᠨ᠎ᠡ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠤᠨ ᠰᠢᠯᠭᠠᠨ ᠦᠵᠡᠬᠦ ᠶᠣᠰᠣᠯᠠᠯ ᠨᠢ ᠶᠠᠪᠠᠭᠠᠨ ᠵᠢᠭᠰᠠᠭᠠᠯᠲᠤ ᠡᠩᠨᠡᠭᠡ᠂ ᠵᠡᠪᠰᠡᠭ ᠲᠣᠨᠣᠭᠯᠠᠯ ᠤᠨ ᠵᠢᠭᠰᠠᠭᠠᠯᠲᠤ | ᠡᠩᠨᠡᠭᠡ ᠪᠠ ᠠᠭᠠᠷ ᠲᠠᠬᠢ ᠱᠠᠲᠤᠯᠵᠢᠨ ᠡᠩᠨᠡᠭᠡ ᠪᠠᠷ ᠪᠦᠷᠢᠯᠳᠦᠨ᠎ᠡ᠃ ᠶᠡᠷᠦᠩᠬᠡᠢ ᠲᠥᠯᠥᠪᠵᠢᠭᠦᠯᠦᠭᠰᠡᠨ ᠲᠠᠯ᠎ᠠ ᠪᠠᠷ᠂ ᠴᠢᠯᠦᠭᠡᠯᠡᠬᠦ ᠴᠡᠷᠢᠭ ᠪᠠ ᠵᠡᠪᠰᠡᠭᠲᠦ | ᠴᠠᠭᠳᠠᠭ᠎ᠠ ᠶᠢᠨ ᠴᠡᠷᠢᠭ ᠠᠩᠭᠢ ᠶᠢᠨ ᠰᠢᠯᠭᠠᠨ ᠦᠵᠡᠬᠦ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠢᠯᠭᠠᠨ ᠦᠵᠡᠬᠦ ᠶᠢ ᠬᠦᠯᠢᠶᠡᠬᠦ ᠡᠯ᠎ᠡ | ᠵᠢᠭᠰᠠᠭᠠᠯᠲᠤ ᠡᠩᠨᠡᠭᠡ᠂ ᠱᠠᠲᠤᠯᠵᠢᠨ ᠡᠩᠨᠡᠭᠡ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ᠎ᠠ᠃ | ᠶᠠᠪᠠᠭᠠᠨ ᠵᠢᠭᠰᠠᠭᠠᠯᠲᠤ ᠡᠩᠨᠡᠭᠡ ᠨᠢ ᠮᠠᠨ ᠤ ᠴᠡᠷᠢᠭ ᠤᠨ ᠥᠭᠡᠷᠡᠴᠢᠯᠡᠵᠦ ᠳᠠᠬᠢᠨᠲᠠ ᠴᠣᠭᠴᠠᠯᠠᠭᠰᠠᠨ ᠤ ᠳᠠᠷᠠᠭᠠᠬᠢ ᠴᠡᠷᠢᠭ ᠤᠨ ᠰᠢᠨ᠎ᠡ ᠲᠦᠷᠦᠯ ᠤᠨ | ᠪᠦᠲᠦᠴᠡ ᠶᠢᠨ ᠪᠠᠶᠢᠷᠢᠯᠠᠭᠤᠯᠤᠯᠲᠠ ᠬᠢᠭᠡᠳ ︽ᠭᠤᠷᠪᠠ ᠶᠢ ᠤᠶᠠᠯᠳᠤᠭᠤᠯᠤᠭᠰᠠᠨ︾ ᠵᠡᠪᠰᠡᠭᠲᠦ ᠬᠦᠴᠦᠨ ᠤ ᠪᠦᠷᠢᠯᠳᠦᠯ ᠢ ᠭᠤᠣᠯᠳᠠᠯᠭ᠎ᠠ ᠲᠠᠢ ᠦᠵᠡᠭᠦᠯᠦᠨ᠎ᠡ᠃ | ᠵᠡᠪᠰᠡᠭ ᠲᠣᠨᠣᠭᠯᠠᠯ ᠤᠨ ᠵᠢᠭᠰᠠᠭᠠᠯᠲᠤ ᠡᠩᠨᠡᠭᠡ ᠨᠢ ᠮᠠᠨ ᠤ ᠴᠡᠷᠢᠭ ᠤᠨ ᠵᠡᠪᠰᠡᠭ ᠲᠣᠨᠣᠭᠯᠠᠯ ᠤᠨ ᠲᠣᠭᠲᠠᠯᠴᠠᠭᠠᠨ ᠤ ᠪᠠᠶᠢᠭᠤᠯᠤᠯᠲᠠ ᠶᠢᠨ ᠬᠠᠮᠤᠭ ᠤᠨ ᠰᠢᠨ᠎ᠡ | ᠦᠷ᠎ᠡ ᠪᠦᠲᠦᠭᠡᠯ ᠢ ᠭᠤᠣᠯᠳᠠᠯᠭ᠎ᠠ ᠲᠠᠢ ᠦᠵᠡᠭᠦᠯᠵᠦ᠂ ᠤᠯᠠᠨ ᠡᠩᠨᠡᠭᠡ ᠬᠤᠯᠪᠣᠭᠠᠯᠠᠭᠰᠠᠨ᠂ ᠵᠢᠭᠰᠠᠭᠠᠯᠲᠤ ᠡᠩᠨᠡᠭᠡ ᠶᠢ ᠨᠡᠶᠢᠯᠡᠭᠦᠯᠵᠦ ᠵᠣᠬᠢᠶᠠᠨ ᠪᠠᠶᠢᠭᠤᠯᠬᠤ | ᠠᠷᠭ᠎ᠠ ᠪᠠᠷ ᠳᠠᠮᠵᠢᠭᠤᠯᠤᠨ᠂ ᠮᠠᠨ ᠤ ᠴᠡᠷᠢᠭ ᠤᠨ ᠬᠤᠯᠪᠣᠭᠠᠯᠠᠨ ᠵᠢᠯᠤᠭᠤᠳᠬᠤ᠂ ᠬᠤᠯᠪᠣᠭᠠᠯᠠᠨ ᠬᠥᠳᠡᠯᠦᠯᠴᠡᠬᠦ᠂ ᠬᠤᠯᠪᠣᠭᠠᠯᠠᠨ ᠪᠠᠲᠤᠯᠠᠬᠤ ᠬᠦᠴᠦᠨ ᠤ ᠰᠢᠨ᠎ᠡ ᠬᠡᠪ | ᠵᠠᠭᠪᠤᠷ ᠬᠡᠷᠡᠭᠯᠡᠭᠰᠡᠨ ᠢ ᠢᠯᠡᠷᠡᠭᠦᠯᠵᠦ᠂ ᠮᠠᠨ ᠤ ᠤᠯᠤᠰ ᠤᠨ ᠵᠡᠪᠰᠡᠭ ᠲᠣᠨᠣᠭᠯᠠᠯ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠴᠢᠳᠠᠪᠤᠷᠢ ᠲᠠᠢ | ᠪᠠᠶᠢᠬᠤ ᠶᠢ ᠲᠤᠰᠬᠠᠨ᠎ᠠ᠃ | ᠠᠭᠠᠷ ᠲᠠᠬᠢ ᠱᠠᠲᠤᠯᠵᠢᠨ ᠡᠩᠨᠡᠭᠡ ᠨᠢ ᠮᠠᠨ ᠤ ᠤᠯᠤᠰ ᠤᠨ ᠠᠭᠠᠷ ᠲᠠᠬᠢ ᠪᠠᠶᠢᠯᠳᠤᠬᠤ ᠬᠦᠴᠦᠨ ᠤ ᠲᠣᠭᠲᠠᠯᠴᠠᠭᠠᠲᠤ ᠬᠢᠷᠢ ᠲᠦᠪᠰᠢᠨ ᠪᠠ ᠦᠳᠲᠡᠷ ᠲᠦᠷᠭᠡᠨ | ᠳᠡᠭᠡᠭᠰᠢᠯᠡᠵᠦ ᠪᠠᠶᠢᠭ᠎ᠠ ᠲᠡᠷᠢᠭᠦᠨ ᠤ ᠪᠠᠶᠢᠯᠳᠤᠬᠤ ᠬᠦᠴᠦᠨ ᠢ ᠭᠤᠣᠯᠳᠠᠯᠭ᠎ᠠ ᠲᠠᠢ ᠦᠵᠡᠭᠦᠯᠦᠨ᠎ᠡ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠳᠤ᠂ ᠤᠯᠠᠮᠵᠢᠯᠠᠯᠲᠤ ᠭᠤᠣᠯᠯᠠᠨ ᠪᠠᠶᠢᠯᠳᠤᠬᠤ ᠬᠦᠴᠦᠨ ᠤ ᠦᠵᠡᠭᠦᠯᠭᠡ ᠪᠠᠶᠢᠬᠤ | ᠪᠥᠭᠡᠳ ᠪᠠᠰᠠ ᠰᠢᠨ᠎ᠡ ᠬᠡᠪᠴᠢᠶᠡᠨ ᠤ ᠰᠢᠨ᠎ᠡ ᠴᠢᠨᠠᠷ ᠤᠨ ᠬᠦᠴᠦᠨ ᠪᠤᠢ᠃ ᠡᠨᠡ ᠤᠳᠠᠭ᠎ᠠ ᠶᠢᠨ ᠰᠢᠯᠭᠠᠨ ᠦᠵᠡᠬᠦ ᠶᠣᠰᠣᠯᠠᠯ ᠳᠤ ᠣᠷᠣᠯᠴᠠᠬᠤ ᠪᠤᠢ ᠪᠦᠬᠦᠢ ᠵᠡᠪᠰᠡᠭ | ᠲᠣᠨᠣᠭᠯᠠᠯ ᠪᠣᠯ ᠴᠥᠮ ᠤᠯᠤᠰ ᠲᠤ ᠪᠠᠨ ᠦᠢᠯᠡᠳᠪᠦᠷᠢᠯᠡᠭᠡᠳ ᠬᠡᠷᠡᠭᠯᠡᠵᠦ ᠪᠠᠶᠢᠭ᠎ᠠ ᠭᠤᠣᠯᠯᠠᠨ ᠪᠠᠶᠢᠯᠳᠤᠬᠤ ᠵᠡᠪᠰᠡᠭ ᠲᠣᠨᠣᠭᠯᠠᠯ ᠤᠳ ᠪᠣᠯᠣᠨ᠎ᠠ᠂ ᠪᠢᠳᠡ ᠰᠢᠨ᠎ᠡ | ᠨᠢᠭᠡ ᠦᠶ᠎ᠡ ᠶᠢᠨ ᠤᠯᠠᠮᠵᠢᠯᠠᠯᠲᠤ ᠵᠡᠪᠰᠡᠭ ᠲᠣᠨᠣᠭᠯᠠᠯ ᠢ ᠦᠵᠡᠭᠦᠯᠬᠦ ᠰᠠᠭᠤᠷᠢᠨ ᠳᠡᠭᠡᠷ᠎ᠡ᠂ ᠪᠠᠰᠠ ᠨᠢᠭᠡ ᠪᠦᠯᠦᠭ ᠬᠥᠮᠥᠨ ᠦᠭᠡᠢ ᠰᠢᠰᠲ᠋ᠧᠮ ᠲᠠᠢ ᠣᠶᠤᠨᠴᠢ | ᠲᠣᠨᠣᠭᠯᠠᠯ᠂ ᠤᠰᠤᠨ ᠳᠣᠣᠷ᠎ᠠ ᠪᠠᠶᠢᠯᠳᠤᠬᠤ ᠲᠣᠨᠣᠭᠯᠠᠯ᠂ ᠰᠦᠯᠵᠢᠶ᠎ᠡ ᠡᠯᠧᠺᠳ᠋ᠷᠣᠨ ᠤ ᠳᠠᠭᠠᠷᠢᠯᠲᠠ ᠰᠡᠷᠭᠡᠶᠢᠯᠡᠯᠲᠡ ᠶᠢᠨ ᠲᠣᠨᠣᠭᠯᠠᠯ᠂ ᠭᠡᠳᠤ ᠥᠨᠳᠥᠷ ᠳᠠᠭᠤᠨ | ᠬᠤᠷᠳᠤᠴᠠᠲᠤ ᠲᠣᠨᠣᠭᠯᠠᠯ ᠵᠡᠷᠭᠡ ᠰᠢᠨ᠎ᠡ ᠬᠡᠯᠪᠡᠷᠢ ᠶᠢᠨ ᠪᠠᠶᠢᠯᠳᠤᠬᠤ ᠬᠦᠴᠦᠨ ᠢ ᠲᠣᠬᠢᠷᠠᠭᠤᠯᠵᠤ᠂ ᠮᠠᠨ ᠤ ᠴᠡᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠥᠭᠵᠢᠯᠲᠡ ᠪᠠ ᠲᠠᠶᠢᠨ ᠤ ᠬᠡᠯᠪᠡᠷᠢ ᠪᠠᠶᠢᠳᠠᠯ ᠤᠨ ᠬᠤᠪᠢᠰᠤᠯᠲᠠ ᠳᠤ ᠵᠣᠬᠢᠴᠠᠭᠰᠠᠨ᠂ ᠢᠷᠡᠭᠡᠳᠦᠢ ᠶᠢᠨ ᠲᠠᠶᠢᠨ ᠳᠤ ᠢᠯᠠᠯᠲᠠ ᠣᠯᠬᠤ ᠬᠦᠴᠦᠷᠬᠡᠭ ᠶᠡᠭᠡ | ᠴᠢᠳᠠᠪᠤᠷᠢ ᠶᠢ ᠢᠯᠡᠷᠡᠭᠦᠯᠦᠨ᠎ᠡ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠶᠠᠫᠤᠨ ᠢ ᠡᠰᠡᠷᠭᠦᠴᠡᠭᠰᠡᠨ ᠭᠤᠮᠢᠨᠳᠠᠩ ᠤᠨ ᠠᠬᠠᠮᠠᠳ ᠴᠡᠷᠢᠭ ᠢ ᠲᠤᠬᠠᠢ ᠶᠢᠨ | ᠲᠠᠯᠠᠪᠠᠢ ᠳᠤ ᠤᠷᠢᠵᠤ ᠰᠣᠨᠢᠷᠬᠠᠭᠤᠯᠤᠨ᠎ᠠ᠃ ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠶᠠᠫᠤᠨ ᠢ ᠡᠰᠡᠷᠭᠦᠴᠡᠭᠰᠡᠨ ᠲᠠᠶᠢᠨ ᠳᠤ | ᠣᠷᠣᠯᠴᠠᠵᠤ ᠥᠩᠭᠡᠷᠡᠭᠰᠡᠨ ᠠᠬᠠᠮᠠᠳ ᠪᠠᠶᠢᠯᠳᠤᠭᠴᠢ᠂ ᠠᠬᠠᠮᠠᠳ ᠨᠥᠬᠦᠳ᠂ ᠠᠬᠠᠮᠠᠳ ᠡᠷᠦᠭᠡ ᠶᠢᠨ ᠴᠡᠷᠢᠭ᠂ ᠣᠷᠣᠨ ᠨᠤᠲᠤᠭ ᠤᠨ ᠡᠮᠦᠨ᠎ᠡ ᠹᠷᠣᠨᠲ ᠢ | ᠲᠤᠰᠠᠯᠠᠭᠰᠠᠨ ᠵᠢᠱᠢᠶᠡᠴᠢ ᠶᠢᠨ ᠲᠥᠯᠥᠭᠡᠯᠡᠭᠴᠢ ᠪᠠ ᠶᠠᠫᠤᠨ ᠢ ᠡᠰᠡᠷᠭᠦᠴᠡᠭᠰᠡᠨ ᠲᠠᠶᠢᠨ ᠳᠤ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠲᠥᠯᠥᠭᠡᠯᠡᠭᠴᠢ ᠶᠢ | ᠲᠢᠶᠠᠨ ᠠᠨ ᠮᠧᠨ ᠠᠭᠤᠳᠠᠮ ᠲᠠᠯᠠᠪᠠᠢ ᠳᠤ ᠲᠣᠬᠢᠷᠠᠭᠤᠯᠵᠤ ᠶᠣᠰᠣᠯᠠᠯ ᠰᠣᠨᠢᠷᠬᠠᠭᠤᠯᠤᠨ᠎ᠠ᠃ | ᠬᠤᠯᠪᠣᠭᠳᠠᠯ ᠪᠦᠬᠦᠢ ᠤᠯᠤᠰ ᠤᠨ ᠤᠳᠤᠷᠢᠳᠬᠤ ᠬᠥᠮᠥᠰ᠂ ᠵᠠᠰᠠᠭ ᠤᠨ ᠭᠠᠵᠠᠷ ᠤᠨ ᠤᠤᠯ ᠤᠨ ᠴᠢᠬᠤᠯᠠ ᠲᠤᠰᠢᠶᠠᠯᠲᠠᠳ᠂ ᠳᠡᠭᠡᠳᠦ ᠵᠡᠷᠭᠡ ᠳᠡᠰ ᠲᠠᠢ | ᠲᠤᠰᠢᠶᠠᠯᠲᠠᠳ᠂ ᠬᠤᠯᠪᠣᠭᠳᠠᠯ ᠪᠦᠬᠦᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠳ᠂ ᠳᠤᠮᠳᠠᠳᠤ ᠤᠯᠤᠰ ᠲᠤ ᠰᠠᠭᠤᠭ᠎ᠠ | ᠭᠠᠳᠠᠭᠠᠳᠤ ᠶᠢᠨ ᠡᠯᠴᠢᠨ ᠰᠠᠶᠢᠳ᠂ ᠴᠡᠷᠢᠭ ᠤᠨ ᠲᠤᠰᠢᠶᠠᠯᠲᠠᠨ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ | ᠲᠥᠯᠥᠭᠡᠯᠡᠭᠴᠢᠳ᠂ ᠶᠠᠫᠤᠨ ᠢ ᠡᠰᠡᠷᠭᠦᠴᠡᠭᠰᠡᠨ ᠳᠤᠮᠳᠠᠳᠤ ᠤᠯᠤᠰ ᠤᠨ ᠳᠠᠶᠢᠨ ᠤ ᠢᠯᠠᠯᠲᠠ ᠣᠯᠬᠤ ᠳᠤ ᠬᠤᠪᠢ ᠨᠡᠮᠡᠷᠢ ᠦᠵᠡᠭᠦᠯᠦᠭᠰᠡᠨ ᠣᠯᠠᠨ ᠤᠯᠤᠰ ᠤᠨ | ᠨᠥᠬᠦᠷᠰᠡᠭ ᠬᠥᠮᠥᠰ ᠪᠤᠶᠤ ᠲᠡᠳᠡᠭᠡᠷ ᠨᠥᠭᠴᠢᠭᠰᠡᠳ ᠤᠨ ᠭᠡᠷ ᠪᠦᠯᠢ ᠶᠢᠨ ᠲᠥᠯᠥᠭᠡᠯᠡᠭᠴᠢ ᠶᠢ ᠳᠤᠷᠠᠰᠬᠠᠬᠤ ᠠᠵᠢᠯᠯᠠᠭᠠᠨ ᠳᠤ ᠤᠷᠢᠬᠤ ᠪᠣᠯᠣᠨ᠎ᠠ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠶᠠᠫᠤᠨ ᠢ ᠡᠰᠡᠷᠭᠦᠴᠡᠭᠰᠡᠨ ᠳᠤᠮᠳᠠᠳᠤ ᠤᠯᠤᠰ ᠤᠨ ᠲᠠᠶᠢᠨ ᠤ ᠢᠯᠠᠯᠲᠠ | ᠣᠯᠬᠤ ᠳᠤ ᠬᠤᠪᠢ ᠨᠡᠮᠡᠷᠢ ᠦᠵᠡᠭᠦᠯᠦᠭᠰᠡᠨ ᠤᠯᠠᠨ ᠤᠯᠤᠰ ᠤᠨ ᠨᠥᠬᠦᠷᠰᠡᠭ ᠬᠥᠮᠥᠰ ᠪᠤᠶᠤ ᠲᠡᠳᠡᠭᠡᠷ ᠨᠥᠭᠴᠢᠭᠰᠡᠳ ᠤᠨ ᠭᠡᠷ ᠪᠦᠯᠢ ᠶᠢᠨ ᠲᠥᠯᠥᠭᠡᠯᠡᠭᠴᠢ ᠶᠢ | ᠠᠬᠤᠢ ᠲᠠᠯᠠᠪᠠᠢ ᠳᠤ ᠤᠷᠢᠵᠤ ᠶᠣᠰᠣᠯᠠᠯ ᠰᠣᠨᠢᠷᠬᠠᠭᠤᠯᠤᠨ᠎ᠠ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠡᠩᠬᠡ ᠲᠠᠶᠢᠪᠤᠩ ᠢ ᠬᠠᠮᠠᠭᠠᠯᠠᠬᠤ ᠡᠭᠦᠷᠭᠡ ᠶᠢ ᠭᠦᠢᠴᠡᠳᠬᠡᠵᠦ ᠥᠩᠭᠡᠷᠡᠭᠰᠡᠨ | ᠴᠡᠷᠢᠭ ᠠᠩᠭᠢ ᠶᠢ ᠲᠣᠬᠢᠷᠠᠭᠤᠯᠵᠤ ᠰᠣᠨᠢᠷᠬᠠᠭᠤᠯᠤᠨ᠎ᠠ᠂ ᠡᠭᠦᠷ ᠢᠶᠠᠷ ᠳᠠᠮᠵᠢᠭᠤᠯᠵᠤ ᠪᠠᠶᠢᠭᠠᠳ ᠶᠠᠫᠤᠨ ᠢ ᠡᠰᠡᠷᠭᠦᠴᠡᠭᠰᠡᠨ ᠳᠠᠶᠢᠨ ᠤ ᠢᠯᠠᠯᠲᠠ ᠶᠢ ᠦᠪᠡᠳᠡᠭᠰᠢ | ᠶᠡᠭᠡ ᠪᠠᠷ ᠳᠤᠷᠠᠰᠬᠠᠬᠤ ᠶᠢ ᠲᠤᠪᠤᠶᠢᠯᠭᠠᠬᠤ ᠪᠠᠷ ᠪᠠᠷᠠᠬᠤ ᠦᠭᠡᠢ ᠪᠠᠰᠠ ᠮᠠᠨ ᠤ ᠤᠯᠤᠰ ᠤᠯᠠᠨ ᠤᠯᠤᠰ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ | ᠪᠠ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠳᠤ ᠦᠵᠡᠭᠦᠯᠵᠦ ᠪᠠᠶᠢᠭ᠎ᠠ ᠲᠣᠮᠣ ᠤᠯᠤᠰ ᠤᠨ ᠡᠭᠦᠷᠭᠡᠯᠡᠯ᠂ ᠳᠤᠮᠳᠠᠳᠤ ᠤᠯᠤᠰ ᠤᠨ ᠴᠡᠷᠢᠭ ᠠᠩᠭᠢ ᠪᠣᠯ | ᠢᠮᠠᠭᠲᠠ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠪᠠᠲᠤ ᠴᠢᠩᠭ᠎ᠠ ᠬᠦᠴᠦᠨ ᠮᠥᠨ ᠭᠡᠳᠡᠭ ᠢ ᠬᠠᠷᠠᠭᠤᠯᠤᠨ᠎ᠠ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠣᠷᠣᠯᠴᠠᠬᠤ ᠵᠡᠪᠰᠡᠭ ᠲᠣᠨᠣᠭᠯᠠᠯ ᠨᠢ ᠴᠥᠮ ᠤᠯᠤᠰ ᠲᠤ ᠪᠠᠨ | ᠦᠢᠯᠡᠳᠪᠦᠷᠢᠯᠡᠭᠡᠳ ᠬᠡᠷᠡᠭᠯᠡᠵᠦ ᠪᠠᠶᠢᠭ᠎ᠠ ᠭᠤᠣᠯᠯᠠᠨ ᠪᠠᠶᠢᠯᠳᠤᠬᠤ ᠵᠡᠪᠰᠡᠭ ᠲᠣᠨᠣᠭᠯᠠᠯ ᠪᠣᠯᠣᠨ᠎ᠠ᠂ ᠡᠭᠦᠨ ᠢᠶᠠᠷ ᠮᠠᠨ ᠤ ᠴᠡᠷᠢᠭ ᠤᠨ ᠲᠣᠭᠲᠠᠯᠴᠠᠭ᠎ᠠ ᠲᠠᠢ ᠪᠠᠶᠢᠯᠳᠤᠬᠤ | ᠴᠢᠳᠠᠪᠤᠷᠢ᠂ ᠰᠢᠨ᠎ᠡ ᠬᠦᠷᠢᠶᠡᠨ ᠤ ᠰᠢᠨ᠎ᠡ ᠴᠢᠨᠠᠷ ᠤᠨ ᠪᠠᠶᠢᠯᠳᠤᠬᠤ ᠬᠦᠴᠦᠨ᠂ ᠪᠠᠶᠢᠯᠳᠤᠬᠤ ᠪᠣᠳᠣᠯᠭ᠎ᠠ ᠶᠢᠨ ᠰᠦᠷᠳᠡᠭᠦᠯᠦᠯ ᠪᠣᠯᠬᠤ ᠪᠣᠳᠠᠲᠤ ᠬᠦᠴᠦᠨ ᠢ | ᠬᠠᠷᠠᠭᠤᠯᠵᠤ᠂ ᠮᠠᠨ ᠤ ᠤᠯᠤᠰ ᠤᠨ ᠵᠡᠪᠰᠡᠭ ᠲᠣᠨᠣᠭᠯᠠᠯ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠴᠢᠳᠠᠪᠤᠷᠢ ᠶᠢ ᠲᠥᠪᠯᠡᠷᠡᠩᠭᠦᠢ ᠢᠯᠡᠷᠡᠭᠦᠯᠬᠦ | ᠪᠣᠯᠣᠨ᠎ᠠ᠃ ᠡᠳᠡᠭᠡᠷ ᠨᠢ ᠲᠣᠭᠲᠠᠯᠴᠠᠭ᠎ᠠ ᠪᠦᠷᠢᠯᠳᠦᠭᠰᠡᠨ᠂ ᠬᠦᠴᠦᠨ ᠵᠦᠢᠯ ᠪᠦᠷᠢᠨ᠂ ᠪᠣᠳᠠᠲᠤ ᠪᠠᠶᠢᠯᠳᠤᠭᠠᠨ ᠳᠤ ᠬᠡᠷᠡᠭᠵᠢᠭᠦᠯᠦᠭᠳᠡᠭᠰᠡᠨ ᠵᠡᠷᠭᠡ ᠭᠤᠣᠯ | ᠣᠨᠴᠠᠯᠢᠭ ᠲᠠᠢ ᠶᠤᠮ᠃ | ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠰᠢᠯᠭᠠᠨ ᠦᠵᠡᠬᠦ ᠠᠵᠢᠯᠯᠠᠭ᠎ᠠ ᠳᠤ ᠡᠷᠦᠬᠡ ᠶᠢᠨ ᠴᠡᠷᠢᠭ ᠤᠨ ᠵᠢᠭᠰᠠᠭᠠᠯᠲᠤ ᠡᠩᠨᠡᠭᠡ ᠶᠢ ᠲᠣᠬᠢᠷᠠᠭᠤᠯᠪᠠ᠂ ᠶᠠᠫᠤᠨ ᠢ | ᠡᠰᠡᠷᠭᠦᠴᠡᠭᠰᠡᠨ ᠳᠠᠶᠢᠨ ᠤ ᠢᠯᠠᠯᠲᠠ ᠶᠢ ᠳᠤᠷᠠᠰᠬᠠᠬᠤ ᠪᠠᠷ ᠭᠤᠣᠯ ᠰᠡᠳᠦᠪ ᠪᠣᠯᠭᠠᠭᠰᠠᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ ᠡᠷᠦᠬᠡ ᠶᠢᠨ | ᠴᠡᠷᠢᠭ ᠠᠩᠬ᠎ᠠ ᠤᠳᠠᠭ᠎ᠠ ᠣᠷᠣᠯᠴᠠᠬᠤ ᠭᠡᠵᠦ ᠪᠠᠶᠢᠭ᠎ᠠ ᠶᠤᠮ᠃ |