ᠯᠢ ᠴᠢᠶᠠᠩ ᠸᠢᠶᠧᠳ᠋ᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠯᠲᠠ ᠬᠢᠪᠡ
ᠨᠡᠶᠢᠲᠡᠯᠡᠭᠰᠡᠨ ᠴᠠᠭ᠄
2025/7/3
    ᠰᠢᠨᠬᠤᠸᠠ ᠬᠤᠷᠢᠶᠠᠨ ᠤ ᠲᠢᠶᠠᠨᠵᠢᠨ ᠤ 6 ᠳ᠋ᠤᠭᠠᠷ ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ 6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠢᠶᠠᠨᠵᠢᠨ ᠳᠤ ᠵᠤᠨ ᠤ ᠤᠯᠠᠷᠢᠯ ᠤᠨ ᠳᠡᠯᠡᠬᠡᠢ ᠶᠢᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ ᠤᠨ ᠬᠤᠷᠠᠯ ᠳᠤ ᠣᠷᠣᠯᠴᠠᠬᠤ ᠪᠠᠷ ᠳᠤᠮᠳᠠᠳᠤ ᠳᠤ ᠢᠷᠡᠭᠰᠡᠨ ᠸᠢᠶᠧᠳ᠋ᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠯᠲᠠ ᠬᠢᠪᠡ᠃ 
6.jpg
    6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠢᠶᠠᠨᠵᠢᠨ ᠳᠤ ᠵᠤᠨ ᠤ ᠤᠯᠠᠷᠢᠯ ᠤᠨ ᠳᠡᠯᠡᠬᠡᠢ ᠶᠢᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ ᠤᠨ ᠬᠤᠷᠠᠯ ᠳᠤ ᠣᠷᠣᠯᠴᠠᠬᠤ ᠪᠠᠷ ᠳᠤᠮᠳᠠᠳᠤ ᠳᠤ ᠢᠷᠡᠭᠰᠡᠨ ᠸᠢᠶᠧᠳ᠋ᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠯᠲᠠ ᠬᠢᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ     ᠯᠢ ᠴᠢᠶᠠᠩ ᠢᠯᠡᠷᠬᠡᠶᠢᠯᠡᠬᠦ ᠳᠤ ᠪᠠᠨ᠂ ᠡᠨᠡ ᠵᠢᠯ ᠪᠣᠯ ᠳᠤᠮᠳᠠᠳᠤ ᠪᠠ ᠸᠢᠶᠧᠳ᠋ᠨᠠᠮ ᠤᠨ ᠬᠠᠷᠢᠴᠠᠭ᠎ᠠ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ ᠥᠩᠭᠡᠷᠡᠭᠰᠡᠨ 75 ᠵᠢᠯ ᠳᠤ᠂ ᠳᠤᠮᠳᠠᠳᠤ ᠪᠠ ᠸᠢᠶᠧᠳ᠋ᠨᠠᠮ ᠢᠮᠠᠭᠲᠠ ᠬᠠᠷᠢᠯᠴᠠᠨ ᠳᠡᠮᠵᠢᠯᠴᠡᠵᠦ᠂ ᠬᠠᠮᠲᠤ ᠪᠠᠷ ᠤᠷᠤᠭᠰᠢᠯᠠᠵᠤ᠂ ︽ᠨᠥᠬᠦᠷ ᠪᠥᠭᠡᠳ ᠠᠬ᠎ᠠ ᠳᠡᠭᠦᠦ︾ ᠶᠢᠨ ᠭᠦᠨ ᠵᠤᠵᠠᠭᠠᠨ ᠨᠥᠬᠦᠷᠯᠡᠯ ᠤᠯᠠᠮ ᠪᠠᠲᠤᠵᠢᠨ᠂ ᠤᠯᠠᠮ ᠰᠢᠨᠡᠳᠴᠦ ᠪᠠᠶᠢᠨ᠎ᠠ᠃ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 4 ᠳ᠋ᠦ᠋ᠭᠡᠷ ᠰᠠᠷ᠎ᠠ ᠳᠤ ᠸᠢᠶᠧᠳ᠋ᠨᠠᠮ ᠳᠤ ᠠᠮᠵᠢᠯᠲᠠ ᠲᠠᠢ ᠠᠶᠢᠯᠴᠢᠯᠠᠯᠲᠠ ᠬᠢᠭᠰᠡᠨ ᠠᠴᠠ ᠨᠠᠭᠠᠰᠢ᠂ ᠳᠤᠮᠳᠠᠳᠤ ᠪᠠ ᠸᠢᠶᠧᠳ᠋ᠨᠠᠮ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠤᠯᠠᠮ ᠨᠢᠭᠡ ᠠᠯᠬᠤᠮ ᠠᠬᠢᠪᠠ᠃ ᠳᠤᠮᠳᠠᠳᠤ ᠶᠢᠨ ᠲᠠᠯ᠎ᠠ ᠳᠤᠷᠠᠲᠠᠶ᠎ᠠ ᠸᠢᠶᠧᠳ᠋ᠨᠠᠮ ᠤᠨ ᠲᠠᠯ᠎ᠠ ᠯᠤᠭ᠎ᠠ ᠠᠶᠢᠯᠴᠢᠯᠠᠯᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠨᠠᠮ ᠤᠨ ᠬᠠᠮᠤᠭ ᠤᠨ ᠳᠡᠭᠡᠳᠦ ᠤᠳᠤᠷᠢᠳᠤᠯᠭ᠎ᠠ ᠶᠢᠨ ᠵᠢᠷᠤᠭᠯᠠᠭᠰᠠᠨ ᠳᠤᠮᠳᠠᠳᠤ ᠪᠠ ᠸᠢᠶᠧᠳ᠋ᠨᠠᠮ ᠤᠨ ᠬᠠᠷᠢᠯᠴᠠᠭᠠᠨ ᠤ ᠬᠥᠭᠵᠢᠯᠲᠡ ᠶᠢᠨ ᠠᠤᠭ᠎ᠠ ᠲᠥᠯᠥᠪᠯᠡᠭᠡ ᠶᠢ ᠬᠤᠶᠠᠷ ᠤᠯᠤᠰ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ︽ᠢᠨᠵᠧᠨᠧᠷᠢᠩ ᠤᠨ ᠵᠢᠷᠤᠭ︾ ᠪᠣᠯᠭᠠᠨ ᠨᠠᠷᠢᠯᠢᠭᠵᠢᠭᠤᠯᠵᠤ᠂ ᠳᠤᠮᠳᠠᠳᠤ ᠪᠠ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ︽ᠪᠣᠳᠠᠲᠤ ᠦᠵᠡᠮᠵᠢ ᠶᠢᠨ ᠵᠢᠷᠤᠭ︾ ᠪᠣᠯᠭᠠᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠵᠡᠢ᠃     ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠳᠤ ᠳᠡᠯᠡᠬᠡᠢ ᠶᠢᠨ ᠪᠠᠶᠢᠳᠠᠯ ᠤᠨ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠮᠥᠨ ᠬᠦ ᠨᠡᠮᠡᠭᠳᠡᠵᠦ ᠪᠠᠶᠢᠨ᠎ᠠ᠂ ᠳᠤᠮᠳᠠᠳᠤ ᠪᠠ ᠸᠢᠶᠧᠳ᠋ᠨᠠᠮ ᠨᠠᠩ ᠴᠢᠩᠭ᠎ᠠ ᠨᠢᠭᠲᠠᠷᠠᠨ ᠪᠦᠯᠬᠦᠮᠳᠡᠵᠦ᠂ ᠪᠠᠶᠢᠯᠳᠤᠬᠤ ᠪᠣᠳᠣᠯᠭ᠎ᠠ ᠶᠢᠨ ᠨᠡᠪᠲᠡᠷᠡᠯᠴᠡᠭᠡ ᠪᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠴᠢᠩᠭᠠᠳᠬᠠᠪᠠᠯ ᠵᠣᠬᠢᠨ᠎ᠠ᠂ ᠡᠨᠡ ᠨᠢ ᠬᠤᠶᠠᠷ ᠲᠠᠯ᠎ᠠ ᠳᠤ ᠠᠰᠢᠭᠲᠠᠢ ᠪᠠᠷ ᠪᠠᠷᠠᠬᠤ ᠦᠭᠡᠢ ᠭᠠᠵᠠᠷ ᠣᠷᠣᠨ ᠪᠠ ᠳᠡᠯᠡᠬᠡᠢ ᠳ᠋ᠠᠬᠢᠨ ᠳᠤ ᠴᠤ ᠠᠰᠢᠭᠲᠠᠢ ᠶᠤᠮ ᠭᠡᠵᠡᠢ᠃ ᠳᠤᠮᠳᠠᠳᠤ ᠶᠢᠨ ᠲᠠᠯ᠎ᠠ ᠳᠤᠷᠠᠲᠠᠶ᠎ᠠ ᠸᠢᠶᠧᠳ᠋ᠨᠠᠮ ᠤᠨ ᠲᠠᠯ᠎ᠠ ᠯᠤᠭ᠎ᠠ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠲᠦᠷᠭᠡᠳᠬᠡᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ ᠵᠥᠪᠯᠡᠯ ᠤᠨ ᠠᠷᠪᠠᠨ ᠳᠣᠯᠣᠳᠤᠭᠠᠷ ᠤᠳᠠᠭ᠎ᠠ ᠶᠢᠨ ᠬᠤᠷᠠᠯᠳᠤᠭᠠᠨ ᠢ ᠰᠠᠶᠢᠲᠤᠷ ᠬᠤᠷᠠᠯᠳᠤᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠰᠠᠨᠠᠭᠠᠴᠢᠯᠠᠭ᠎ᠠ ᠪᠠ ︽ᠬᠤᠶᠠᠷ ᠬᠤᠩᠭᠢᠯ ᠨᠢᠭᠡ ᠲᠣᠭᠤᠷᠢᠭ︾ ᠤᠨ ᠪᠦᠳᠦᠭᠦᠪᠴᠢ ᠵᠥᠪᠯᠡᠯᠴᠡᠭᠡᠷ ᠢ ᠵᠣᠯᠭᠠᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠳᠤᠮᠳᠠᠳᠤ ᠪᠠ ᠸᠢᠶᠧᠳ᠋ᠨᠠᠮ ᠤᠨ ᠲᠡᠮᠦᠷ ᠵᠠᠮ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠵᠠᠬ᠎ᠠ ᠳᠡᠯᠭᠡᠭᠦᠷ ᠪᠠ ᠠᠵᠤ ᠦᠢᠯᠡᠰ ᠤᠨ ᠵᠣᠯᠭᠠᠯᠴᠠᠭ᠎ᠠ ᠶᠢ ᠴᠢᠩᠭᠠᠳᠬᠠᠵᠤ᠂ ᠵᠣᠬᠢᠶᠠᠮᠠᠯ ᠤᠶᠤᠨ᠂ ᠳ᠋ᠢᠭᠢᠲ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠭᠡᠳᠬᠡᠵᠦ᠂ ᠠᠵᠤ ᠠᠬᠤᠢ ᠶᠢᠨ ᠰᠢᠨ᠎ᠡ ᠬᠥᠳᠡᠯᠭᠡᠭᠴᠢ ᠬᠦᠴᠦᠨ ᠢ ᠬᠠᠮᠲᠤ ᠪᠠᠷ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠬᠤᠶᠠᠷ ᠲᠠᠯ᠎ᠠ ᠪᠠᠷ ᠢᠶᠠᠨ ᠰᠣᠶᠣᠯ᠂ ᠵᠢᠭᠤᠯᠴᠢᠯᠠᠯ᠂ ᠰᠤᠷᠭᠠᠨ ᠬᠥᠮᠦᠵᠢᠯ᠂ ᠵᠠᠭᠤᠴᠢᠯᠠᠭᠤᠷ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠳᠤᠮᠳᠠᠳᠤ ᠪᠠ ᠸᠢᠶᠧᠳ᠋ᠨᠠᠮ ᠤᠨ ᠬᠥᠮᠥᠨ ᠰᠣᠶᠣᠯ ᠤᠨ ᠰᠣᠯᠢᠯᠴᠠᠭᠠᠨ ᠤ ᠣᠨ︾ ᠤ ᠠᠯᠢ ᠣᠯᠠᠨ ᠠᠵᠢᠯᠯᠠᠭ᠎ᠠ ᠶᠢ ᠰᠠᠶᠢᠲᠤᠷ ᠡᠷᠬᠢᠯᠡᠶ᠎ᠡ᠃ ᠸᠢᠶᠧᠳ᠋ᠨᠠᠮ ᠨᠢ BRICS ᠤᠯᠤᠰ ᠤᠳ ᠤᠨ ᠬᠠᠨᠢᠲᠠᠨ ᠤᠯᠤᠰ ᠪᠣᠯᠬᠤ ᠶᠢ ᠳᠤᠮᠳᠠᠳᠤ ᠶᠢᠨ ᠲᠠᠯ᠎ᠠ ᠪᠠᠶᠠᠷᠯᠠᠨ ᠤᠭᠲᠤᠵᠤ᠂ ᠳᠤᠷᠠᠲᠠᠶ᠎ᠠ ᠸᠢᠶᠧᠳ᠋ᠨᠠᠮ ᠯᠤᠭ᠎ᠠ ᠴᠢᠯᠦᠭᠡᠲᠦ ᠠᠷᠠᠯᠵᠢᠶ᠎ᠠ ᠪᠠ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠲᠤ ᠪᠠᠷ ᠬᠠᠮᠠᠭᠠᠯᠠᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠰᠢᠷᠠᠯ ᠪᠠ ᠲᠦᠭᠡᠮᠡᠯ ᠬᠦᠷᠲᠡᠭᠡᠮᠵᠢᠲᠡᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠨᠡᠩ ᠤᠯᠠᠨ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠨ᠎ᠡ ᠭᠡᠵᠡᠢ᠃     ᠹᠠᠨ ᠮᠢᠩ ᠵᠧᠩ ᠢᠯᠡᠷᠬᠡᠶᠢᠯᠡᠬᠦ ᠳᠤ ᠪᠠᠨ᠂ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠡᠨᠡ ᠵᠢᠯ ᠸᠢᠶᠧᠳ᠋ᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠶᠢ ᠠᠮᠵᠢᠯᠲᠠ ᠲᠠᠢ ᠬᠢᠵᠦ᠂ ᠸᠢᠶᠧᠳ᠋ᠨᠠᠮ ᠪᠠ ᠳᠤᠮᠳᠠᠳᠤ ᠶᠢᠨ ︽ᠨᠥᠬᠦᠷ ᠪᠥᠭᠡᠳ ᠠᠬ᠎ᠠ ᠳᠡᠭᠦᠦ︾ ᠶᠢᠨ ᠣᠨᠴᠠᠭᠠᠢ ᠨᠥᠬᠦᠷᠯᠡᠯ ᠢ ᠬᠦᠴᠦᠲᠡᠢ ᠢᠯᠡᠷᠡᠭᠦᠯᠵᠦ᠂ ᠬᠤᠶᠠᠷ ᠤᠯᠤᠰ ᠤᠨ ᠬᠠᠷᠢᠴᠠᠭ᠎ᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠨᠡᠮᠡᠷᠢᠯᠡᠵᠡᠢ᠃ ᠸᠢᠶᠧᠳ᠋ᠨᠠᠮ ᠤᠨ ᠲᠠᠯ᠎ᠠ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠨᠠᠮ ᠤᠨ ᠬᠠᠮᠤᠭ ᠤᠨ ᠳᠡᠭᠡᠳᠦ ᠤᠳᠤᠷᠢᠳᠤᠯᠭ᠎ᠠ ᠶᠢᠨ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠠᠷᠠᠯᠵᠢᠶ᠎ᠠ᠂ ᠪᠡᠯᠡ ᠣᠷᠣᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠠᠲᠤᠯᠠᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠬᠥᠮᠥᠨ ᠰᠣᠶᠣᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠢᠶᠠᠨ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠬᠥᠲᠥᠯᠥᠨ ᠳᠠᠭᠠᠭᠤᠯᠪᠠ᠂ ᠸᠢᠶᠧᠳ᠋ᠨᠠᠮ ᠤᠨ ᠲᠠᠯ᠎ᠠ ᠡᠭᠦᠨ ᠢ ᠳᠡᠭᠡᠳᠦ ᠬᠡᠮᠵᠢᠶ᠎ᠡ ᠪᠠᠷ ᠰᠠᠶᠢᠰᠢᠶᠠᠨ ᠪᠢᠰᠢᠷᠡᠵᠦ ᠪᠠᠶᠢᠨ᠎ᠠ᠃ ᠸᠢᠶᠧᠳ᠋ᠨᠠᠮ ᠤᠨ ᠲᠠᠯ᠎ᠠ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠬᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠡᠷᠡᠰ ᠳᠡᠮᠵᠢᠵᠦ᠂ ᠳᠤᠮᠳᠠᠳᠤ ᠶᠢᠨ ᠲᠠᠯ᠎ᠠ ᠯᠤᠭ᠎ᠠ ᠤᠯᠠᠨ ᠲᠠᠯᠠᠲᠤ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠬᠠᠮᠠᠭᠠᠯᠠᠵᠤ᠂ ᠬᠠᠮᠲᠤ ᠶᠢᠨ ᠠᠰᠢᠭ ᠲᠤᠰᠠ ᠪᠠᠨ ᠰᠠᠶᠢᠲᠤᠷ ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠡᠢ᠃     ᠴᠧᠨ ᠮᠢᠨ ᠡᠯ᠂ ᠦ᠋ ᠵᠧᠩ ᠯᠦᠩ ᠠᠭᠤᠯᠵᠠᠯᠲᠠ ᠳᠤ ᠣᠷᠣᠯᠴᠠᠪᠠ᠃
ᠢᠷᠡᠯᠲᠡ᠄ ᠰᠢᠨᠬᠤᠸᠠ ᠬᠤᠷᠢᠶ᠎ᠠ