ᠨᠢᠭᠡ | 9 ᠳ᠋ᠦ᠋ᠭᠡᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠨᠡᠷ᠎ᠡ ᠪᠠᠷ ᠪᠡᠭᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠢ ᠳᠤ ᠶᠠᠫᠤᠨ ᠢ ᠡᠰᠡᠷᠭᠦᠴᠡᠭᠰᠡᠨ | ᠳᠤᠮᠳᠠᠳᠤ ᠤᠯᠤᠰ ᠤᠨ ᠠᠷᠠᠳ ᠲᠦᠮᠡᠨ ᠤ ᠳᠠᠶᠢᠨ ᠬᠢᠭᠡᠳ ᠹᠠᠱᠢᠰ ᠢ ᠡᠰᠡᠷᠭᠦᠴᠡᠭᠰᠡᠨ ᠳᠡᠯᠡᠬᠡᠢ ᠶᠢᠨ ᠳᠠᠶᠢᠨ ᠢᠯᠠᠯᠲᠠ ᠣᠯᠣᠭᠰᠠᠨ 80 ᠵᠢᠯ ᠤᠨ ᠣᠢ ᠶᠢ | ᠳᠤᠷᠠᠰᠬᠠᠬᠤ ᠶᠡᠭᠡ ᠬᠤᠷᠠᠯ ᠬᠤᠷᠠᠯᠳᠤᠭᠤᠯᠤᠨ᠎ᠠ᠂ ᠡᠭᠦᠨ ᠳᠤ ᠴᠡᠷᠢᠭ ᠠᠩᠭᠢ ᠶᠢ ᠰᠢᠯᠭᠠᠨ ᠦᠵᠡᠬᠦ ᠶᠣᠰᠣᠯᠠᠯ ᠪᠠᠭᠲᠠᠨ᠎ᠠ᠃ ᠶᠡᠷᠦᠩᠬᠡᠢ ᠱᠦᠵᠢ ᠰᠢ ᠶᠢᠨ ᠫᠢᠩ | ᠴᠢᠬᠤᠯᠠ ᠶᠠᠷᠢᠶ᠎ᠠ ᠲᠠᠯᠪᠢᠬᠤ ᠪᠣᠯᠣᠨ᠎ᠠ᠃ 9 ᠳ᠋ᠦ᠋ᠭᠡᠷ ᠰᠠᠷ᠎ᠠ ᠶᠢᠨ 3 ᠤ ᠦᠳᠡ ᠳᠤ᠂ ᠪᠡᠭᠡᠵᠢᠩ ᠳᠤ ᠳᠠᠶᠢᠯᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ | ᠴᠢᠬᠤᠯᠠ ᠶᠠᠷᠢᠶ᠎ᠠ ᠲᠠᠯᠪᠢᠨ᠎ᠠ᠃ 9 ᠳ᠋ᠦ᠋ᠭᠡᠷ ᠰᠠᠷ᠎ᠠ ᠶᠢᠨ 3 ᠤ ᠣᠷᠣᠢ᠂ ᠪᠡᠭᠡᠵᠢᠩ ᠳᠤ ᠤᠷᠠᠨ ᠰᠠᠶᠢᠬᠠᠨ ᠤ ᠦᠳᠡᠰᠢᠯᠡᠭᠡ ᠡᠷᠬᠢᠯᠡᠵᠦ᠂ ᠨᠠᠮ ᠪᠠ ᠲᠥᠷᠥ ᠶᠢᠨ | ᠤᠳᠤᠷᠢᠳᠬᠤ ᠬᠥᠮᠥᠰ ᠣᠷᠣᠯᠴᠠᠬᠤ ᠪᠣᠯᠣᠨ᠎ᠠ᠃ | ᠬᠤᠶᠠᠷ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠨᠡᠷ᠎ᠡ ᠪᠠᠷ᠂ ᠶᠠᠫᠤᠨ ᠢ ᠡᠰᠡᠷᠭᠦᠴᠡᠭᠰᠡᠨ ᠳᠠᠶᠢᠨ ᠳᠤ ᠣᠷᠣᠯᠴᠠᠭᠰᠠᠨ ᠡᠷᠡᠭᠦᠯ ᠲᠡᠩᠬᠡᠯᠡᠭᠦᠨ ᠪᠠᠶᠢᠭ᠎ᠠ ᠠᠬᠠᠮᠠᠳ ᠪᠠᠶᠢᠯᠳᠤᠭᠴᠢᠳ᠂ ᠠᠬᠠᠮᠠᠳ ᠨᠥᠬᠦᠳ᠂ ᠶᠠᠫᠤᠨ ᠢ | ᠡᠰᠡᠷᠭᠦᠴᠡᠭᠰᠡᠨ ᠳᠠᠶᠢᠨ ᠳᠤ ᠣᠷᠣᠯᠴᠠᠭᠰᠠᠨ ᠵᠠᠩᠵᠤᠨ ᠪᠤᠶᠤ ᠲᠡᠳᠡᠭᠡᠷ ᠨᠥᠭᠴᠢᠭᠰᠡᠳ ᠤᠨ ᠭᠡᠷ ᠪᠦᠯᠢ ᠶᠢᠨ ᠬᠢᠨ ᠳᠤ ︽ᠶᠠᠫᠤᠨ ᠢ ᠡᠰᠡᠷᠭᠦᠴᠡᠭᠰᠡᠨ ᠳᠤᠮᠳᠠᠳᠤ | ᠤᠯᠤᠰ ᠤᠨ ᠠᠷᠠᠳ ᠲᠦᠮᠡᠨ ᠤ ᠳᠠᠶᠢᠨ ᠢᠯᠠᠯᠲᠠ ᠣᠯᠣᠭᠰᠠᠨ 80 ᠵᠢᠯ ᠤᠨ ᠣᠶ︾ ᠶᠢᠨ ᠳᠤᠷᠠᠰᠬᠠᠯ ᠤᠨ ᠲᠡᠮᠳᠡᠭ ᠣᠯᠭᠤᠨ᠎ᠠ᠃ ᠡᠯ᠎ᠡ ᠭᠠᠵᠠᠷ ᠣᠷᠣᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠤᠨ ᠳᠣᠲᠣᠭᠠᠳᠤ ᠳᠠᠬᠢ ᠶᠠᠫᠤᠨ ᠢ ᠡᠰᠡᠷᠭᠦᠴᠡᠭᠰᠡᠨ ᠳᠠᠶᠢᠨ ᠳᠤ ᠣᠷᠣᠯᠴᠠᠭᠰᠠᠨ ᠡᠷᠡᠭᠦᠯ ᠲᠡᠩᠬᠡᠯᠡᠭᠦᠨ | ᠪᠠᠶᠢᠭ᠎ᠠ ᠠᠬᠠᠮᠠᠳ ᠪᠠᠶᠢᠯᠳᠤᠭᠴᠢᠳ᠂ ᠠᠬᠠᠮᠠᠳ ᠨᠥᠬᠦᠳ᠂ ᠶᠠᠫᠤᠨ ᠢ ᠡᠰᠡᠷᠭᠦᠴᠡᠭᠰᠡᠨ ᠲᠠᠶᠢᠨ ᠳᠤ ᠣᠷᠣᠯᠴᠠᠭᠰᠠᠨ ᠵᠠᠩᠵᠤᠨ ᠪᠤᠶᠤ ᠲᠡᠳᠡᠭᠡᠷ ᠨᠥᠭᠴᠢᠭᠰᠡᠳ ᠤᠨ | ᠭᠡᠷ ᠪᠦᠯᠢ ᠶᠢᠨ ᠬᠢᠨ᠂ ᠶᠠᠫᠤᠨ ᠢ ᠡᠰᠡᠷᠭᠦᠴᠡᠭᠰᠡᠨ ᠲᠠᠶᠢᠨ ᠳᠤ ᠦᠷᠡᠭᠳᠡᠭᠰᠡᠨ ᠪᠠᠭᠠᠲᠤᠷᠴᠤᠳ ᠤᠨ ᠲᠦᠷᠦᠯ ᠰᠠᠳᠤᠨ ᠢ ᠲᠣᠬᠤᠨᠢᠭᠤᠯᠬᠤ ᠠᠵᠢᠯᠯᠠᠭ᠎ᠠ ᠵᠣᠬᠢᠶᠠᠨ | ᠪᠠᠶᠢᠭᠤᠯᠵᠤ ᠥᠷᠨᠢᠭᠦᠯᠦᠨ᠎ᠡ᠃ | ᠭᠤᠷᠪᠠ | 7 ᠳ᠋ᠤᠭᠠᠷ ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠨᠡᠷ᠎ᠡ ᠪᠠᠷ᠂ ᠶᠠᠫᠤᠨ ᠢ ᠡᠰᠡᠷᠭᠦᠴᠡᠭᠰᠡᠨ ᠳᠤᠮᠳᠠᠳᠤ ᠤᠯᠤᠰ ᠤᠨ ᠠᠷᠠᠳ ᠲᠦᠮᠡᠨ ᠤ ᠳᠠᠶᠢᠨ ᠤ ᠳᠤᠷᠠᠰᠬᠠᠯ ᠤᠨ ᠣᠷᠳᠣᠨ ᠳᠤ | ᠶᠠᠫᠤᠨ ᠢ ᠡᠰᠡᠷᠭᠦᠴᠡᠭᠰᠡᠨ ᠪᠥᠬᠦ ᠦᠨᠳᠦᠰᠦᠲᠡᠨ ᠤ ᠳᠠᠶᠢᠨ ᠡᠭᠦᠰᠦᠭᠰᠡᠨ 88 ᠵᠢᠯ ᠤᠨ ᠣᠶ ᠶᠢ ᠳᠤᠷᠠᠰᠬᠠᠬᠤ ᠶᠣᠰᠣᠯᠠᠯ ᠶᠠᠪᠤᠭᠳᠠᠭᠤᠯᠬᠤ ᠶᠢᠨ ᠬᠠᠮᠲᠤ᠂ ︽ | ᠦᠨᠳᠦᠰᠦᠲᠡᠨ ᠤ ᠴᠢᠯᠦᠭᠡᠯᠡᠯᠲᠡ ᠪᠠ ᠳᠡᠯᠡᠬᠡᠢ ᠶᠢᠨ ᠡᠩᠬᠡ ᠲᠠᠶᠢᠪᠤᠩ ᠤᠨ ᠲᠥᠯᠥᠭᠡ — ᠶᠠᠫᠤᠨ ᠢ ᠡᠰᠡᠷᠭᠦᠴᠡᠭᠰᠡᠨ ᠳᠤᠮᠳᠠᠳᠤ ᠤᠯᠤᠰ ᠤᠨ ᠠᠷᠠᠳ ᠲᠦᠮᠡᠨ ᠤ | ᠳᠠᠶᠢᠨ ᠬᠢᠭᠡᠳ ᠹᠠᠱᠢᠰ ᠢ ᠡᠰᠡᠷᠭᠦᠴᠡᠭᠰᠡᠨ ᠳᠡᠯᠡᠬᠡᠢ ᠶᠢᠨ ᠳᠠᠶᠢᠨ ᠢᠯᠠᠯᠲᠠ ᠣᠯᠣᠭᠰᠠᠨ 80 ᠵᠢᠯ ᠤᠨ ᠣᠢ ᠶᠢ ᠳᠤᠷᠠᠰᠬᠠᠶ᠎ᠠ︾ ᠭᠤᠣᠯ ᠰᠡᠳᠦᠪᠲᠦ ᠦᠵᠡᠭᠦᠯᠭᠡ ᠶᠢᠨ | ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠤᠨ᠎ᠠ᠃ | ᠳᠥᠷᠪᠡ | 9 ᠳ᠋ᠦ᠋ᠭᠡᠷ ᠰᠠᠷ᠎ᠠ ᠶᠢᠨ 3 ᠤ ᠡᠳᠦᠷ ᠤᠨ ᠤᠷᠢᠳ ᠬᠤᠵᠢᠳ ᠢᠶᠠᠷ᠂ ᠶᠠᠫᠤᠨ ᠢ ᠡᠰᠡᠷᠭᠦᠴᠡᠭᠰᠡᠨ ᠳᠤᠮᠳᠠᠳᠤ ᠤᠯᠤᠰ ᠤᠨ ᠠᠷᠠᠳ ᠲᠦᠮᠡᠨ ᠤ ᠳᠠᠶᠢᠨ ᠬᠢᠭᠡᠳ | ᠹᠠᠱᠢᠰ ᠢ ᠡᠰᠡᠷᠭᠦᠴᠡᠭᠰᠡᠨ ᠳᠡᠯᠡᠬᠡᠢ ᠶᠢᠨ ᠳᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠶᠢᠨ ᠲᠣᠭᠤᠷᠢᠨ ᠳᠤ᠂ ᠰᠢᠶᠠᠩᠭᠠᠩ ᠣᠣᠮᠧᠨ | ᠲᠠᠶᠢᠸᠠᠨ ᠤ ᠠᠬ᠎ᠠ ᠳᠡᠭᠦᠦ ᠨᠠᠷ᠂ ᠭᠠᠳᠠᠭᠠᠳᠤ ᠳᠠᠬᠢ ᠬᠤᠯᠪᠣᠭᠳᠠᠯ ᠪᠦᠬᠦᠢ ᠬᠥᠮᠥᠰ ᠤᠨ ᠰᠠᠭᠤᠳᠠᠯ ᠤᠨ ᠬᠤᠷᠠᠯ ᠬᠤᠷᠠᠯᠳᠤᠭᠤᠯᠵᠤ᠂ ᠤᠯᠠᠨ ᠤᠯᠤᠰ ᠤᠨ ᠡᠷᠳᠡᠮ | ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠬᠢᠨ᠎ᠡ᠃ | ᠲᠠᠪᠤ | 9 ᠳ᠋ᠦ᠋ᠭᠡᠷ ᠰᠠᠷ᠎ᠠ ᠶᠢᠨ 18 ᠤ ᠡᠳᠦᠷ᠂ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠣᠷᠳᠣᠨ ᠤ ᠨᠡᠷ᠎ᠡ ᠪᠠᠷ ᠱᠧᠨᠶᠠᠩ ᠬᠤᠲᠠ ᠶᠢᠨ | ︽ᠶᠢᠰᠦᠨ ᠰᠠᠷ᠎ᠠ ᠶᠢᠨ ᠠᠷᠪᠠᠨ ᠨᠠᠢᠮᠠᠨ︾ ᠤ ᠲᠡᠦᠬᠡ ᠶᠢᠨ ᠮᠦᠽᠧᠢ ᠳᠤ ︽ᠶᠢᠰᠦᠨ ᠰᠠᠷ᠎ᠠ ᠶᠢᠨ ᠠᠷᠪᠠᠨ ᠨᠠᠢᠮᠠᠨ︾ ᠢ ᠥᠯᠥ ᠮᠠᠷᠲᠠᠬᠤ ᠬᠤᠩᠬ᠎ᠠ ᠳᠡᠯᠡᠳᠴᠦ | ᠳᠣᠬᠢᠶ᠎ᠠ ᠳᠤᠤᠭᠠᠷᠭᠠᠬᠤ ᠶᠣᠰᠣᠯᠠᠯ ᠶᠠᠪᠤᠭᠳᠠᠭᠤᠯᠤᠨ᠎ᠠ᠃ | ᠵᠢᠷᠭᠤᠭ᠎ᠠ | 10 ᠳ᠋ᠤᠭᠠᠷ ᠰᠠᠷ᠎ᠠ ᠶᠢᠨ 25 ᠤ ᠡᠳᠦᠷ ᠤᠨ ᠤᠷᠢᠳ ᠬᠤᠵᠢᠳ ᠢᠶᠠᠷ᠂ ᠲᠠᠶᠢᠸᠠᠨ ᠢ ᠡᠭᠡᠭᠦᠯᠦᠨ ᠠᠪᠴᠢᠷᠠᠭᠰᠠᠨ 80 ᠵᠢᠯ ᠤᠨ ᠤᠢ ᠶᠢ ᠳᠤᠷᠠᠰᠬᠠᠬᠤ ᠶᠡᠭᠡ | ᠬᠤᠷᠠᠯ ᠬᠤᠷᠠᠯᠳᠤᠭᠤᠯᠤᠨ᠎ᠠ᠃ ᠭᠠᠳᠠᠭᠠᠳᠤ ᠳᠠᠬᠢ ᠬᠠᠷᠢᠶᠠᠲᠤ ᠨᠠᠷ ᠲᠤᠬᠠᠢ ᠶᠢᠨ ᠭᠠᠵᠠᠷ ᠲᠤ ᠪᠠᠨ ᠬᠠᠮᠢᠶ᠎ᠠ ᠪᠦᠬᠦᠢ ᠳᠤᠷᠠᠰᠬᠠᠯ ᠤᠨ ᠠᠵᠢᠯᠯᠠᠭ᠎ᠠ ᠵᠣᠬᠢᠶᠠᠨ | ᠪᠠᠶᠢᠭᠤᠯᠬᠤ ᠶᠢ ᠳᠡᠮᠵᠢᠨ᠎ᠡ᠃ | ᠲᠤᠯᠤᠭ᠎ᠠ | 12 ᠳ᠋ᠤᠭᠠᠷ ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠨᠡᠷ᠎ᠡ ᠪᠠᠷ ᠨᠠᠨᠵᠢᠩ ᠬᠤᠲᠠ ᠳᠠᠬᠢ ᠳᠤᠮᠳᠠᠳᠤ ᠤᠯᠤᠰ ᠢ ᠲᠦᠷᠢᠮᠡᠬᠡᠶᠢᠯᠡᠭᠰᠡᠨ ᠶᠠᠫᠤᠨ ᠴᠡᠷᠢᠭ ᠤᠨ ᠨᠠᠨᠵᠢᠩ ᠤᠨ ᠶᠡᠭᠡ ᠬᠢᠳᠤᠯᠭ᠎ᠠ ᠬᠢᠬᠦ ᠳᠤ ᠦᠷᠡᠭᠳᠡᠭᠰᠡᠨ ᠠᠬ᠎ᠠ | ᠳᠡᠭᠦᠦ ᠨᠠᠷ ᠤᠨ ᠳᠤᠷᠠᠰᠬᠠᠯ ᠤᠨ ᠣᠷᠳᠣᠨ ᠳᠤ ᠨᠠᠨᠵᠢᠩ ᠤᠨ ᠶᠡᠭᠡ ᠬᠢᠲᠤᠯᠭ᠎ᠠ ᠳᠤ ᠬᠤᠣᠷᠯᠠᠭᠳᠠᠭᠰᠠᠳ ᠢ ᠭᠠᠰᠢᠭᠤᠳᠠᠬᠤ ᠤᠯᠤᠰ ᠤᠨ ᠨᠡᠶᠢᠲᠡ ᠶᠢᠨ ᠳᠠᠬᠢᠯᠭ᠎ᠠ ᠶᠢᠨ | ᠶᠣᠰᠣᠯᠠᠯ ᠶᠠᠪᠤᠭᠳᠠᠭᠤᠯᠤᠨ᠎ᠠ᠃ | ᠨᠠᠢᠮᠠ | ᠳᠥᠷᠪᠡᠳᠦᠭᠡᠷ ᠪᠦᠯᠦᠭ ᠪᠣᠯᠬᠤ ᠶᠠᠫᠤᠨ ᠢ ᠡᠰᠡᠷᠭᠦᠴᠡᠭᠰᠡᠨ ᠲᠠᠶᠢᠨ ᠤ ᠤᠯᠤᠰ ᠤᠨ ᠲᠡᠰ ᠤᠨ ᠳᠤᠷᠠᠰᠬᠠᠯ ᠤᠨ ᠪᠡᠯᠡᠳᠬᠡᠮᠵᠢ᠂ ᠪᠠᠭᠤᠷᠢ ᠶᠢᠨ ᠨᠡᠷᠡᠰ ᠤᠨ | ᠵᠢᠭᠰᠠᠭᠠᠯᠲᠠ ᠪᠠ ᠶᠠᠫᠤᠨ ᠢ ᠡᠰᠡᠷᠭᠦᠴᠡᠭᠰᠡᠨ ᠳᠠᠶᠢᠨ ᠳᠤ ᠦᠷᠡᠭᠳᠡᠭᠰᠡᠨ ᠨᠡᠷᠡᠲᠦ ᠪᠠᠭᠠᠲᠤᠷᠴᠤᠳ᠂ ᠪᠠᠭᠠᠲᠤᠷᠴᠤᠳ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠨ᠎ᠡ᠃ | ᠶᠠᠫᠤᠨ ᠢ ᠡᠰᠡᠷᠭᠦᠴᠡᠭᠰᠡᠨ ᠲᠠᠶᠢᠨ ᠤ ᠳᠤᠷᠠᠰᠬᠠᠯ ᠤᠨ ᠪᠡᠯᠡᠳᠬᠡᠮᠵᠢ ᠪᠠ ᠶᠠᠫᠤᠨ ᠢ ᠡᠰᠡᠷᠭᠦᠴᠡᠭᠰᠡᠨ ᠲᠠᠶᠢᠨ ᠤ ᠪᠠᠭᠤᠷᠢ᠂ ᠦᠯᠡᠳᠡᠭᠳᠡᠯ ᠢ ᠰᠡᠯᠪᠢᠨ ᠵᠠᠰᠠᠵᠤ ᠬᠠᠮᠠᠭᠠᠯᠠᠵᠤ | ᠂ ᠶᠠᠫᠤᠨ ᠢ ᠡᠰᠡᠷᠭᠦᠴᠡᠭᠰᠡᠨ ᠲᠠᠶᠢᠨ ᠤ ᠨᠢᠭᠡ ᠪᠦᠯᠦᠭ ᠭᠤᠣᠯ ᠰᠡᠳᠦᠪᠲᠦ ᠳᠡᠯᠭᠡᠨ ᠦᠵᠡᠭᠦᠯᠭᠡ ᠶᠢᠨ ᠰᠣᠳᠣᠨ ᠪᠦᠲᠦᠭᠡᠯ ᠢ ᠲᠠᠨᠢᠯᠴᠠᠭᠤᠯᠤᠨ᠎ᠠ᠃ | ᠶᠢᠰᠦ | ᠶᠠᠫᠤᠨ ᠢ ᠡᠰᠡᠷᠭᠦᠴᠡᠭᠰᠡᠨ ᠳᠤᠮᠳᠠᠳᠤ ᠤᠯᠤᠰ ᠤᠨ ᠠᠷᠠᠳ ᠲᠦᠮᠡᠨ ᠤ ᠳᠠᠶᠢᠨ ᠬᠢᠭᠡᠳ ᠹᠠᠱᠢᠰ ᠢ ᠡᠰᠡᠷᠭᠦᠴᠡᠭᠰᠡᠨ ᠳᠡᠯᠡᠬᠡᠢ ᠶᠢᠨ ᠳᠠᠶᠢᠨ ᠢᠯᠠᠯᠲᠠ ᠣᠯᠣᠭᠰᠠᠨ | 80 ᠵᠢᠯ ᠤᠨ ᠤᠢ ᠶᠢ ᠳᠤᠷᠠᠰᠬᠠᠬᠤ ᠶᠢᠨ ᠲᠣᠭᠤᠷᠢᠨ ᠳᠤ᠂ ᠨᠢᠭᠡ ᠪᠦᠯᠦᠭ ᠤᠳᠬ᠎ᠠ ᠤᠷᠠᠯᠢᠭ ᠤᠨ ᠪᠦᠲᠦᠭᠡᠯ ᠪᠠ ᠭᠤᠣᠯ ᠰᠡᠳᠦᠪᠲᠦ ᠬᠡᠪᠯᠡᠭᠳᠡᠬᠦᠨ ᠢ ᠵᠣᠬᠢᠶᠠᠨ | ᠪᠦᠲᠦᠭᠡᠨ᠎ᠡ︔ ᠡᠷᠳᠡᠮ ᠰᠢᠨᠵᠢᠯᠡᠭᠡᠨ ᠤ ᠰᠤᠳᠤᠯᠭᠠᠨ ᠢ ᠴᠢᠩᠭᠠᠳᠬᠠᠵᠤ᠂ ᠨᠢᠭᠡ ᠪᠦᠯᠦᠭ ᠭᠤᠣᠯᠳᠠᠯᠭ᠎ᠠ ᠪᠣᠯᠬᠤ ᠰᠡᠳᠦᠪ ᠢ ᠲᠣᠭᠲᠠᠭᠠᠨ᠎ᠠ᠃ ᠡᠭᠦᠨ ᠠᠴᠠ ᠭᠠᠳᠠᠨ᠎ᠠ | ᠪᠠᠰᠠ ᠳᠤᠷᠠᠰᠬᠠᠯ ᠤᠨ ᠵᠣᠭᠤᠰ ᠪᠠ ᠳᠤᠷᠠᠰᠬᠠᠯ ᠤᠨ ᠰᠢᠤᠳᠠᠨ ᠲᠡᠮᠳᠡᠭ ᠲᠠᠷᠬᠠᠭᠠᠬᠤ ᠪᠣᠯᠣᠨ᠎ᠠ᠃ | ᠠᠷᠪᠠ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠯᠠᠨ ᠲᠦᠮᠡᠨᠴᠢ ᠴᠢᠨᠠᠷᠲᠠᠢ ᠳᠤᠷᠠᠰᠬᠠᠬᠤ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠦᠷᠨᠢᠭᠦᠯᠦᠨ᠎ᠡ᠃ ᠰᠢᠶᠠᠩᠭᠠᠩ᠂ ᠣᠣᠮᠧᠨ ᠴᠦ ᠳᠤᠷᠠᠰᠬᠠᠯ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠣᠯᠣᠨ᠎ᠠ᠃ |