ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 24 ᠤ ᠴᠠᠭᠢᠯᠭᠠᠨ ᠮᠡᠳᠡᠭᠡ 9 ᠰᠠᠷ᠎ᠠ ᠶᠢᠨ 3 ᠤ ᠦᠳᠡ ᠶᠢᠨ ᠡᠮᠦᠨ᠎ᠡ ᠪᠡᠭᠡᠵᠢᠩ ᠤᠨ ᠲᠢᠶᠠᠨ ᠠᠨ | ᠮᠧᠨ ᠲᠠᠯᠠᠪᠠᠶ ᠳᠤ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠡᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠡᠶᠢᠨ ᠢᠯᠠᠯᠲᠠ | ᠣᠯᠣᠭᠰᠠᠨ 80 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠤᠨ᠎ᠠ᠂ ᠡᠭᠦᠨ ᠳᠤ ᠴᠡᠷᠢᠭ ᠠᠩᠭᠢ ᠶᠢ ᠰᠢᠯᠭᠠᠨ ᠦᠵᠡᠬᠦ | ᠪᠠᠭᠲᠠᠨ᠎ᠠ | ᠰᠢ ᠶᠢᠨ ᠫᠢᠩ ᠴᠢᠬᠤᠯᠠ ᠶᠠᠷᠢᠶ᠎ᠠ ᠲᠠᠯᠪᠢᠨ᠎ᠠ | ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ | ᠣᠯᠣᠭᠰᠠᠨ 80 ᠵᠢᠯ ᠤᠨ ᠤᠢ ᠪᠣᠯᠣᠨ᠎ᠠ᠂ ᠮᠠᠨ ᠤ ᠤᠯᠤᠰ ᠦᠪᠡᠳᠡᠭᠰᠢ ᠶᠡᠭᠡ ᠪᠠᠷ ᠳᠤᠷᠠᠰᠬᠠᠬᠤ ᠠᠵᠢᠯᠯᠠᠭ᠎ᠠ ᠥᠷᠨᠢᠭᠦᠯᠬᠦ ᠪᠣᠯᠣᠨ᠎ᠠ᠃ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠰᠢᠷᠢᠰ ᠠᠵᠢᠯᠯᠠᠭ᠎ᠠ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠬᠤ ᠶᠢᠨ ᠬᠠᠮᠲᠤ ᠴᠡᠷᠢᠭ ᠠᠩᠭᠢ ᠶᠢ ᠰᠢᠯᠭᠠᠨ ᠦᠵᠡᠨ᠎ᠡ᠃ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ 24 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠳᠤᠷᠠᠰᠬᠠᠬᠤ ᠠᠵᠢᠯᠯᠠᠭ᠎ᠠ ᠶᠢᠨ | ᠶᠡᠷᠦᠩᠬᠡᠢ ᠲᠣᠬᠢᠷᠠᠭᠤᠯᠤᠯᠲᠠ ᠶᠢ ᠲᠠᠨᠢᠯᠴᠠᠭᠤᠯᠪᠠ᠃ | ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 | ᠵᠢᠯ ᠤᠨ ᠣᠶ ᠬᠦᠷᠴᠦ ᠢᠷᠡᠬᠦ ᠲᠠᠰᠢᠷᠠᠮ ᠳᠤ ᠦᠪᠡᠳᠡᠭᠰᠢ ᠶᠡᠭᠡ ᠪᠠᠷ ᠳᠤᠷᠠᠰᠬᠠᠬᠤ ᠠᠵᠢᠯᠯᠠᠭ᠎ᠠ ᠶᠠᠪᠤᠭᠤᠯᠵᠤ᠂ ᠲᠡᠦᠬᠡ ᠶᠢ ᠪᠠᠲᠤ ᠴᠡᠭᠡᠵᠢᠯᠡᠵᠦ᠂ ᠦᠷᠡᠭᠳᠡᠭᠰᠡᠨ | ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠠᠭᠤᠤ ᠶᠡᠭᠡ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ᠂ ᠶᠠᠫᠤᠨ ᠢ ᠡᠰᠡᠷᠭᠦᠴᠡᠬᠦ ᠳᠠᠶᠢᠨ ᠤ | ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠬᠤ ᠨᠢ ᠴᠢᠬᠤᠯᠠ ᠶᠡᠭᠡ ᠪᠥᠭᠡᠳ ᠠᠯᠤᠰ ᠭᠡᠳᠦ ᠶᠢᠨ ᠠᠴᠢ ᠬᠤᠯᠪᠣᠭᠳᠠᠯ ᠲᠠᠢ ᠶᠤᠮ᠃ | ᠲᠥᠪ ᠤᠨ ᠤᠬᠠᠭᠤᠯᠬᠤ ᠬᠡᠯᠲᠡᠰ ᠤᠨ ᠡᠳᠦᠷ ᠲᠤᠲᠤᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠬᠤ᠋ ᠾᠧ ᠫᠢᠩ ᠡᠩ ᠲᠡᠷᠢᠭᠦᠨ ᠳᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ 10 ᠲᠦᠷᠦᠯ ᠤᠨ ᠭᠤᠣᠯ ᠠᠵᠢᠯᠯᠠᠭ᠎ᠠ ᠶᠢᠨ ᠲᠣᠬᠢᠷᠠᠭᠤᠯᠤᠯᠲᠠ ᠶᠢ ᠲᠠᠨᠢᠯᠴᠠᠭᠤᠯᠵᠠᠢ᠃ | ᠨᠢᠭᠡ ᠳᠤ᠂ 9 ᠰᠠᠷ᠎ᠠ ᠶᠢᠨ 3 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ᠂ ᠪᠡᠭᠡᠵᠢᠩ ᠤᠨ ᠲᠢᠶᠠᠨ ᠠᠨ ᠮᠧᠨ ᠲᠠᠯᠠᠪᠠᠶ ᠳᠤ ᠳᠤᠮᠳᠠᠳᠤ ᠤᠯᠤᠰ ᠤᠨ ᠠᠷᠠᠳ ᠲᠦᠮᠡᠨ ᠤ | ᠶᠠᠫᠤᠨ ᠢ ᠡᠰᠡᠷᠭᠦᠴᠡᠬᠦ ᠲᠡᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠡᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠢ | ᠦᠪᠡᠳᠡᠭᠰᠢ ᠶᠡᠭᠡ ᠪᠠᠷ ᠶᠠᠪᠤᠭᠳᠠᠭᠤᠯᠤᠨ᠎ᠠ᠂ ᠡᠭᠦᠨ ᠳᠤ ᠴᠡᠷᠢᠭ ᠠᠩᠭᠢ ᠶᠢ ᠰᠢᠯᠭᠠᠨ ᠦᠵᠡᠬᠦ ᠪᠠᠭᠲᠠᠨ᠎ᠠ᠃ ᠰᠢ ᠶᠢᠨ ᠫᠢᠩ ᠴᠢᠬᠤᠯᠠ ᠶᠠᠷᠢᠶ᠎ᠠ ᠲᠠᠯᠪᠢᠨ᠎ᠠ᠃ 9 | ᠰᠠᠷ᠎ᠠ ᠶᠢᠨ 3 ᠤ ᠦᠳᠡ ᠳᠤ᠂ ᠪᠡᠭᠡᠵᠢᠩ ᠳᠤ ᠳᠠᠶᠢᠯᠠᠯᠭ᠎ᠠ ᠬᠢᠵᠦ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠨ᠎ᠠ᠃ 9 ᠰᠠᠷ᠎ᠠ ᠶᠢᠨ 3 ᠤ ᠣᠷᠣᠢ᠂ ᠪᠡᠭᠡᠵᠢᠩ ᠳᠤ | ᠤᠷᠠᠨ ᠰᠠᠶᠢᠬᠠᠨ ᠤ ᠦᠳᠡᠰᠢᠯᠡᠭᠡ ᠬᠢᠵᠦ᠂ ᠨᠠᠮ ᠪᠠ ᠲᠥᠷᠥ ᠶᠢᠨ ᠤᠳᠤᠷᠢᠳᠬᠤ ᠬᠥᠮᠥᠰ ᠣᠷᠣᠯᠴᠠᠨ᠎ᠠ᠃ ᠬᠤᠶᠠᠷ ᠲᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ᠂ ᠶᠠᠫᠤᠨ ᠢ ᠡᠰᠡᠷᠭᠦᠴᠡᠬᠦ | ᠲᠡᠶᠢᠨ ᠳᠤ ᠤᠷᠤᠯᠴᠠᠬᠰᠠᠨ ᠠᠮᠢᠳᠤ ᠰᠡᠷᠡᠭᠦᠨ ᠪᠠᠶᠢᠭ᠎ᠠ ᠠᠬᠠᠮᠠᠳ ᠪᠠᠶᠢᠯᠳᠤᠭᠴᠢ᠂ ᠠᠬᠠᠮᠠᠳ ᠨᠥᠬᠦᠳ᠂ ᠶᠠᠫᠤᠨ ᠢ ᠡᠰᠡᠷᠭᠦᠴᠡᠬᠦ ᠲᠡᠶᠢᠨ ᠳᠤ ᠤᠷᠤᠯᠴᠠᠬᠰᠠᠨ | ᠵᠠᠩᠵᠤᠨ ᠪᠤᠶᠤ ᠲᠡᠳᠡᠨ ᠤ ᠭᠡᠷ ᠪᠦᠯᠢ ᠶᠢᠨ ᠬᠢᠨ ᠳᠤ ︽ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠡᠶᠢᠨ ᠤ ᠢᠯᠠᠯᠲᠠ ᠣᠯᠣᠭᠰᠠᠨ 80 | ᠵᠢᠯ ᠤᠨ ᠣᠶ︾ ᠶᠢᠨ ᠳᠤᠷᠠᠰᠬᠠᠯ ᠤᠨ ᠲᠡᠮᠳᠡᠭ ᠣᠯᠭᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠠᠫᠤᠨ ᠢ ᠡᠰᠡᠷᠭᠦᠴᠡᠬᠦ | ᠲᠠᠶᠢᠨ ᠳᠤ ᠤᠷᠤᠯᠴᠠᠬᠰᠠᠨ ᠤᠯᠤᠰ ᠤᠨ ᠳᠣᠲᠣᠭᠠᠳᠤ ᠶᠢᠨ ᠠᠮᠢᠳᠤ ᠰᠡᠷᠡᠭᠦᠨ ᠪᠠᠶᠢᠭ᠎ᠠ ᠠᠬᠠᠮᠠᠳ ᠪᠠᠶᠢᠯᠳᠤᠭᠴᠢ᠂ ᠠᠬᠠᠮᠠᠳ ᠨᠥᠬᠦᠳ᠂ ᠶᠠᠫᠤᠨ ᠢ ᠡᠰᠡᠷᠭᠦᠴᠡᠬᠦ | ᠲᠠᠶᠢᠨ ᠳᠤ ᠤᠷᠤᠯᠴᠠᠬᠰᠠᠨ ᠵᠠᠩᠵᠤᠨ ᠪᠤᠶᠤ ᠲᠡᠳᠡᠨ ᠤ ᠭᠡᠷ ᠪᠦᠯᠢ ᠶᠢᠨ ᠬᠢᠨ᠂ ᠶᠠᠫᠤᠨ ᠢ ᠡᠰᠡᠷᠭᠦᠴᠡᠬᠦ ᠲᠠᠶᠢᠨ ᠳᠤ ᠦᠷᠡᠭᠳᠡᠭᠰᠡᠨ ᠪᠠᠭᠠᠲᠤᠷᠴᠤᠳ ᠤᠨ ᠭᠡᠷ | ᠪᠦᠯᠢ ᠶᠢᠨ ᠬᠢᠨ ᠢ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠭᠤᠷᠪᠠ ᠳᠤ᠂ 7 ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ᠂ ᠳᠤᠮᠳᠠᠳᠤ | ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠡᠶᠢᠨ ᠤ ᠳᠤᠷᠠᠰᠬᠠᠯ ᠤᠨ ᠣᠷᠳᠣᠨ ᠳᠤ ᠪᠦᠭᠦ ᠦᠨᠳᠦᠰᠦᠲᠡᠨ ᠤ ᠶᠠᠫᠤᠨ ᠢ ᠡᠰᠡᠷᠭᠦᠴᠡᠬᠦ ᠲᠡᠶᠢᠨ ᠡᠬᠢᠯᠡᠭᠰᠡᠨ | 88 ᠵᠢᠯ ᠤᠨ ᠣᠶ ᠶᠢ ᠳᠤᠷᠠᠰᠬᠠᠬᠤ ᠶᠣᠰᠣᠯᠠᠯ ᠶᠠᠪᠤᠭᠤᠯᠬᠤ ᠶᠢᠨ ᠬᠠᠮᠲᠤ ︽ᠦᠨᠳᠦᠰᠦᠲᠡᠨ ᠤ ᠴᠢᠯᠦᠭᠡᠯᠡᠯᠲᠡ ᠬᠢᠭᠡᠳ ᠳᠡᠯᠡᠬᠡᠢ ᠶᠢᠨ ᠡᠩᠬᠡ ᠲᠠᠶᠢᠪᠤᠩ ᠤᠨ | ᠲᠥᠯᠥᠭᠡ — ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠡᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠡᠶᠢᠨ ᠤ ᠢᠯᠠᠯᠲᠠ | ᠣᠯᠣᠭᠰᠠᠨ 80 ᠵᠢᠯ ᠤᠨ ᠣᠶ ᠶᠢ ᠳᠤᠷᠠᠰᠬᠠᠶ᠎ᠠ︾ ᠭᠡᠬᠦ ᠭᠤᠣᠯ ᠰᠡᠳᠦᠪᠲᠦ ᠦᠵᠡᠰᠭᠦᠯᠡᠩ ᠤᠨ ᠡᠭᠢᠯᠡᠯᠲᠡ ᠶᠢᠨ ᠶᠣᠰᠣᠯᠠᠯ ᠶᠠᠪᠤᠭᠤᠯᠬᠤ ᠪᠣᠯᠣᠨ᠎ᠠ᠃ ᠳᠥᠷᠪᠡ ᠳᠤ᠂ | 9 ᠰᠠᠷ᠎ᠠ ᠶᠢᠨ 3 ᠤ ᠡᠳᠦᠷ ᠤᠨ ᠤᠷᠢᠳ ᠬᠤᠵᠢᠳ ᠢᠶᠠᠷ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ | ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠶᠢᠨ ᠲᠣᠭᠤᠷᠢᠨ ᠳᠤ᠂ ᠰᠢᠶᠠᠩᠭᠠᠩ ᠣᠣᠮᠧᠨ ᠲᠠᠶᠢᠸᠠᠨ ᠤ ᠠᠬ᠎ᠠ ᠳᠡᠭᠦᠦ | ᠨᠠᠷ᠂ ᠭᠠᠳᠠᠭᠠᠳᠤ ᠶᠢᠨ ᠬᠤᠯᠪᠣᠭᠳᠠᠯ ᠪᠦᠬᠦᠢ ᠬᠥᠮᠥᠰ ᠤᠨ ᠶᠠᠷᠢᠯᠴᠠᠬᠤ ᠬᠤᠷᠠᠯ ᠬᠢᠵᠦ᠂ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ | ᠬᠤᠷᠠᠯ ᠬᠢᠨ᠎ᠡ᠃ ᠲᠠᠪᠤ ᠳᠤ᠂ 9 ᠰᠠᠷ᠎ᠠ ᠶᠢᠨ 18 ᠤ ᠡᠳᠦᠷ᠂ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠣᠷᠳᠣᠨ ᠤ ᠨᠡᠷ᠎ᠡ ᠪᠠᠷ | ᠮᠦᠭᠳᠡᠨ ᠬᠤᠳᠠ ᠶᠢᠨ ︽ᠶᠢᠰᠦᠨ ᠰᠠᠷ᠎ᠠ ᠶᠢᠨ ᠠᠷᠪᠠᠨ ᠨᠠᠢᠮᠠᠨ ᠤ ᠬᠡᠷᠡᠭ ᠬᠤᠪᠢᠰᠤᠯ︾ ᠤᠨ ᠲᠡᠦᠬᠡ ᠶᠢᠨ ᠮᠦᠽᠧᠢ ᠳᠤ ︽ᠶᠢᠰᠦᠨ ᠰᠠᠷ᠎ᠠ ᠶᠢᠨ ᠠᠷᠪᠠᠨ ᠨᠠᠢᠮᠠᠨ ᠤ | ᠬᠡᠷᠡᠭ ᠬᠤᠪᠢᠰᠤᠯ︾ ᠢ ᠮᠠᠷᠲᠠᠵᠤ ᠦᠯᠦ ᠪᠤᠯᠬᠤ ᠬᠤᠨᠭ᠍ᠬᠤ ᠳᠤᠤᠭᠠᠷᠭᠠᠵᠤ ᠰᠡᠷᠡᠮᠵᠢᠯᠡᠭᠦᠯᠭᠦ ᠶᠣᠰᠣᠯᠠᠯ ᠶᠠᠪᠤᠭᠤᠯᠤᠨ᠎ᠠ᠃ ᠵᠢᠷᠭᠤᠭ᠎ᠠ ᠳᠤ᠂ 10 ᠰᠠᠷ᠎ᠠ ᠶᠢᠨ 25 ᠤ | ᠡᠳᠦᠷ ᠤᠨ ᠤᠷᠢᠳ ᠬᠤᠵᠢᠳ ᠢᠶᠠᠷ᠂ ᠲᠠᠶᠢᠸᠠᠨ ᠢ ᠡᠭᠡᠭᠦᠯᠦᠨ ᠠᠪᠤᠭᠰᠠᠨ 80 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠢ ᠬᠤᠷᠠᠯᠳᠤᠭᠤᠯᠤᠨ᠎ᠠ᠃ | ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠠᠷ ᠤᠨ ᠲᠤᠬᠠᠢ ᠶᠢᠨ ᠭᠠᠵᠠᠷ ᠲᠠᠭᠠᠨ ᠬᠤᠯᠪᠣᠭᠳᠠᠯ ᠪᠦᠬᠦᠢ ᠳᠤᠷᠠᠰᠬᠠᠬᠤ ᠠᠵᠢᠯᠯᠠᠭ᠎ᠠ ᠵᠣᠬᠢᠶᠠᠨ | ᠪᠠᠶᠢᠭᠤᠯᠬᠤ ᠶᠢ ᠲᠡᠮᠵᠢᠨ᠎ᠡ᠃ ᠳᠣᠯᠤᠭ᠎ᠠ ᠳᠤ᠂ 12 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ᠂ ᠨᠠᠨᠵᠢᠩ ᠬᠤᠲᠠ ᠶᠢᠨ ᠳᠤᠮᠳᠠᠳᠤ ᠤᠯᠤᠰ ᠢ ᠲᠦᠷᠢᠮᠡᠬᠡᠶᠢᠯᠡᠭᠰᠡᠨ ᠶᠠᠫᠤᠨ ᠴᠡᠷᠢᠭ ᠤᠨ ᠨᠠᠨᠵᠢᠩ ᠤᠨ ᠶᠡᠭᠡ ᠬᠢᠳᠤᠯᠭ᠎ᠠ ᠳᠤ | ᠬᠤᠣᠷᠯᠠᠭᠳᠠᠭᠰᠠᠨ ᠠᠬ᠎ᠠ ᠳᠡᠭᠦᠦ ᠨᠠᠷ ᠤᠨ ᠳᠤᠷᠠᠰᠬᠠᠯ ᠤᠨ ᠣᠷᠳᠣᠨ ᠳᠤ ᠨᠠᠨᠵᠢᠩ ᠤᠨ ᠶᠡᠭᠡ ᠬᠢᠳᠤᠯᠭ᠎ᠠ ᠳᠤ ᠬᠤᠣᠷᠯᠠᠭᠳᠠᠭᠰᠠᠳ ᠤᠨ ᠤᠯᠤᠰ ᠤᠨ ᠨᠡᠶᠢᠲᠡ ᠶᠢᠨ | ᠳᠠᠭᠢᠯᠭ᠎ᠠ ᠶᠢᠨ ᠶᠣᠰᠣᠯᠠᠯ ᠶᠠᠪᠤᠭᠤᠯᠤᠨ᠎ᠠ᠃ ᠨᠠᠢᠮᠠ ᠳᠤ᠂ ᠳᠥᠷᠪᠡᠳᠦᠭᠡᠷ ᠪᠦᠯᠦᠭ ᠤᠨ ᠤᠯᠤᠰ ᠤᠨ ᠲᠡᠰ ᠤᠨ ᠶᠠᠫᠤᠨ ᠢ ᠡᠰᠡᠷᠭᠦᠴᠡᠬᠦ ᠲᠠᠶᠢᠨ ᠤ ᠳᠤᠷᠠᠰᠬᠠᠯ ᠤᠨ | ᠲᠤᠨᠤᠭ ᠲᠥᠬᠦᠭᠡᠷᠦᠮᠵᠢ᠂ ᠪᠠᠭᠤᠷᠢ ᠶᠢᠨ ᠨᠡᠷᠡᠰ ᠤᠨ ᠵᠢᠭᠰᠠᠭᠠᠯᠲᠠ ᠪᠣᠯᠣᠨ ᠶᠠᠫᠤᠨ ᠢ ᠡᠰᠡᠷᠭᠦᠴᠡᠭᠰᠡᠨ ᠨᠡᠷᠡᠳᠦ ᠦᠷᠡᠭᠳᠡᠭᠰᠡᠨ ᠪᠠᠭᠠᠲᠤᠷᠴᠤᠳ᠂ ᠪᠠᠭᠠᠲᠤᠷ ᠤᠯᠠᠨ | ᠲᠦᠮᠡᠨᠴᠢ ᠴᠣᠭᠴᠠ ᠶᠢᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠨ᠎ᠡ᠃ ᠶᠠᠫᠤᠨ ᠢ ᠡᠰᠡᠷᠭᠦᠴᠡᠬᠦ ᠲᠠᠶᠢᠨ ᠤ ᠳᠤᠷᠠᠰᠬᠠᠯ ᠤᠨ ᠲᠤᠨᠤᠭ ᠲᠥᠬᠦᠭᠡᠷᠦᠮᠵᠢ ᠪᠣᠯᠣᠨ ᠶᠠᠫᠤᠨ ᠢ | ᠡᠰᠡᠷᠭᠦᠴᠡᠬᠦ ᠲᠠᠶᠢᠨ ᠤ ᠪᠠᠭᠤᠷᠢ᠂ ᠦᠯᠡᠳᠡᠭᠳᠡᠯ ᠪᠣᠳᠠᠰ ᠢ ᠰᠡᠯᠪᠢᠵᠦ ᠵᠠᠰᠠᠨ ᠬᠠᠮᠠᠭᠠᠯᠠᠵᠤ᠂ ᠶᠠᠫᠤᠨ ᠢ ᠡᠰᠡᠷᠭᠦᠴᠡᠬᠦ ᠲᠠᠶᠢᠨ ᠤ ᠨᠢᠭᠡ ᠪᠦᠯᠦᠭ ᠭᠤᠣᠯ ᠰᠡᠳᠦᠪᠲᠦ | ᠳᠡᠯᠭᠡᠨ ᠦᠵᠡᠭᠦᠯᠭᠡ ᠶᠢᠨ ᠰᠣᠳᠣᠨ ᠪᠦᠲᠦᠭᠡᠯ ᠢ ᠲᠠᠨᠢᠯᠴᠠᠭᠤᠯᠤᠨ᠎ᠠ᠃ ᠶᠢᠰᠦ ᠳᠤ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ | ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠶᠢᠨ ᠲᠣᠭᠤᠷᠢᠨ ᠳᠤ᠂ ᠨᠢᠭᠡ ᠪᠦᠯᠦᠭ ᠤᠳᠬ᠎ᠠ | ᠤᠷᠠᠯᠢᠭ ᠤᠨ ᠪᠦᠲᠦᠭᠡᠯ ᠪᠣᠯᠣᠨ ᠭᠤᠣᠯ ᠰᠡᠳᠦᠪᠲᠦ ᠬᠡᠪᠯᠡᠭᠳᠡᠬᠦᠨ ᠢ ᠵᠣᠬᠢᠶᠠᠨ ᠪᠦᠲᠦᠭᠡᠵᠦ ᠨᠡᠶᠢᠲᠡᠯᠡᠨ᠎ᠡ︔ ᠡᠷᠳᠡᠮ ᠰᠢᠨᠵᠢᠯᠡᠭᠡᠨ ᠤ ᠰᠤᠳᠤᠯᠭᠠᠨ ᠢ ᠴᠢᠩᠭᠠᠳᠬᠠᠵᠤ᠂ | ᠨᠢᠭᠡ ᠪᠦᠯᠦᠭ ᠭᠤᠣᠯᠳᠠᠯᠭ᠎ᠠ ᠲᠠᠢ ᠰᠡᠳᠦᠪ ᠢ ᠲᠣᠭᠲᠠᠭᠠᠨ᠎ᠠ᠃ ᠡᠭᠦᠨ ᠠᠴᠠ ᠭᠠᠳᠠᠨ᠎ᠠ ᠪᠠᠰᠠ ᠳᠤᠷᠠᠰᠬᠠᠯ ᠤᠨ ᠵᠣᠭᠤᠰ ᠪᠠ ᠳᠤᠷᠠᠰᠬᠠᠯ ᠤᠨ ᠰᠢᠤᠳᠠᠨ ᠲᠡᠮᠳᠡᠭ ᠢ | ᠲᠠᠷᠬᠠᠭᠠᠨ᠎ᠠ᠃ ᠠᠷᠪᠠ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠯᠠᠨ ᠲᠦᠮᠡᠨᠴᠢ ᠴᠢᠨᠠᠷᠲᠠᠢ | ᠳᠤᠷᠠᠰᠬᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠰᠢᠶᠠᠩᠭᠠᠩ᠂ ᠣᠣᠮᠧᠨ ᠴᠦ ᠳᠤᠷᠠᠰᠬᠠᠬᠤ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠥᠷᠨᠢᠭᠦᠯᠬᠦ ᠪᠣᠯᠣᠨ᠎ᠠ᠃ | ᠳᠠᠷᠠᠭ᠎ᠠ ᠨᠢ᠂ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠭᠢᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠠᠮᠲᠤᠷᠠᠭᠰᠠᠨ ᠱᠲ᠋ᠠᠪ ᠤᠨ ᠬᠡᠯᠲᠡᠰ ᠤᠨ ᠪᠠᠶᠢᠯᠳᠤᠭᠠᠨ ᠤ ᠲᠣᠪᠴᠢᠶ᠎ᠠ ᠶᠢᠨ ᠬᠤᠰᠢᠭᠤᠴᠢ ᠭᠧᠨᠧᠷᠠᠯ ᠳᠡᠳ᠋ ᠲᠣᠪᠴᠢᠶᠠᠨ | ᠳᠠᠷᠤᠭ᠎ᠠ ᠦ᠋ ᠽᠧ ᠺᠧ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠡᠨᠡ ᠤᠳᠠᠭ᠎ᠠ ᠶᠢᠨ | ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠨᠢ ᠶᠠᠪᠠᠭᠠᠨ ᠵᠢᠭᠰᠠᠭᠠᠯ ᠤᠨ ᠡᠩᠨᠡᠭᠡ᠂ ᠵᠡᠪᠰᠡᠭ ᠲᠣᠨᠣᠭᠯᠠᠯ ᠤᠨ ᠵᠢᠭᠰᠠᠭᠠᠯ ᠤᠨ ᠡᠩᠨᠡᠭᠡ ᠪᠣᠯᠣᠨ ᠠᠭᠠᠷ ᠤᠨ | ᠱᠠᠲᠤᠯᠵᠢᠨ ᠡᠩᠨᠡᠭᠡ ᠪᠠᠷ ᠪᠦᠷᠢᠯᠳᠦᠵᠦ᠂ ᠶᠡᠷᠦᠩᠬᠡᠢ ᠵᠢᠷᠤᠭ ᠲᠥᠯᠥᠪᠯᠡᠭᠡ ᠶᠢᠨ ᠲᠠᠯ᠎ᠠ ᠪᠠᠷ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ | ᠠᠩᠭᠢ ᠶᠢᠨ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠳᠤ ᠣᠷᠤᠯᠴᠠᠬᠤ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠢᠯᠭᠠᠨ | ᠦᠵᠡᠬᠦ ᠶᠢ ᠬᠦᠯᠢᠶᠡᠬᠦ ᠡᠯ᠎ᠡ ᠵᠢᠭᠰᠠᠭᠠᠯ ᠤᠨ ᠡᠩᠨᠡᠭᠡ᠂ ᠱᠠᠲᠤᠯᠵᠢᠨ ᠡᠩᠨᠡᠭᠡ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ᠎ᠠ᠃ | ᠭᠤᠣᠯᠳᠠᠭᠤ ᠳᠣᠣᠷᠠᠬᠢ ᠮᠡᠲᠦ 3 ᠣᠨᠴᠠᠯᠢᠭ ᠲᠠᠢ᠄ ᠨᠢᠭᠡᠳᠦᠭᠡᠷ ᠣᠨᠴᠠᠯᠢᠭ ᠨᠢ᠂ ᠲᠡᠦᠬᠡ ᠶᠢᠨ ᠤᠯᠠᠮᠵᠢᠯᠠᠯ ᠢ ᠴᠢᠬᠤᠯᠠᠴᠢᠯᠠᠬᠤ ᠶᠢᠨ ᠬᠠᠮᠲᠤ ᠴᠠᠭ ᠦᠶ᠎ᠡ ᠶᠢᠨ | ᠣᠨᠴᠠᠯᠢᠭ ᠢ ᠪᠠᠶᠠᠯᠢᠭ ᠠᠬᠤᠭᠤᠯᠤᠨᠠ᠂ ᠨᠢᠭᠡ ᠲᠠᠯ᠎ᠠ ᠪᠠᠷ᠂ ᠶᠠᠫᠤᠨ ᠢ ᠡᠰᠡᠷᠭᠦᠴᠡᠬᠦ ᠳᠠᠶᠢᠨ ᠤ ᠴᠡᠷᠢᠭ ᠠᠩᠭᠢ ᠶᠢᠨ ᠬᠠᠭᠤᠴᠢᠨ ᠨᠣᠮᠧᠷ ᠨᠡᠷᠡᠶᠢᠳᠦᠯ᠂ ᠬᠠᠭᠤᠴᠢᠨ | ᠭᠠᠪᠢᠶ᠎ᠠ ᠵᠢᠳᠬᠦᠯ ᠪᠣᠯᠣᠨ ᠣᠨᠴᠠᠭᠠᠢ ᠵᠣᠷᠢᠭ ᠰᠠᠨᠠᠭ᠎ᠠ ᠶᠢ ᠳᠡᠯᠭᠡᠨ ᠦᠵᠡᠭᠦᠯᠭᠦ ᠪᠠᠷ ᠳᠠᠮᠵᠢᠵᠤ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ᠂ | ᠭᠠᠪᠢᠶ᠎ᠠ ᠵᠢᠳᠬᠦᠯ ᠢ ᠳᠡᠭᠡᠳᠦᠯᠡᠬᠦ᠂ ᠶᠠᠫᠤᠨ ᠢ ᠡᠰᠡᠷᠭᠦᠴᠡᠬᠦ ᠳᠠᠶᠢᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠶᠢ ᠢᠯᠡᠷᠡᠭᠦᠯᠵᠦ᠂ ᠶᠠᠫᠤᠨ ᠢ ᠡᠰᠡᠷᠭᠦᠴᠡᠬᠦ | ᠳᠠᠶᠢᠨ ᠤ ᠪᠠᠭᠠᠲᠤᠷᠴᠤᠳ ᠤᠨ ᠠᠮᠢ ᠨᠠᠰᠤ ᠪᠣᠯᠣᠨ ᠠᠷᠢᠭᠤᠨ ᠴᠢᠰᠤ ᠪᠠᠷ ᠢᠶᠠᠨ ᠴᠣᠭᠴᠠᠯᠠᠭᠰᠠᠨ ᠲᠡᠦᠬᠡ ᠶᠢᠨ ᠥᠷᠯᠥᠭ ᠬᠥᠰᠢᠶ᠎ᠡ ᠶᠢ ᠢᠯᠡᠷᠡᠭᠦᠯᠵᠦ᠂ ᠳᠤᠮᠳᠠᠳᠤ | ᠤᠯᠤᠰ ᠤᠨ ᠠᠷᠠᠳ ᠲᠦᠮᠡᠨ ᠤ ᠰᠡᠳᠬᠢᠯ ᠳᠤ ᠥᠨᠢᠳᠡ ᠰᠦᠨᠳᠡᠷᠯᠡᠭᠦᠯᠵᠦ᠂ ᠠᠷᠠᠳ ᠤᠨ ᠴᠡᠷᠢᠭ ᠠᠩᠭᠢ ᠶᠢᠨ ᠤᠯᠤᠰ ᠭᠡᠷ ᠪᠣᠯᠣᠨ ᠦᠨᠳᠦᠰᠦᠲᠡᠨ ᠤ ᠨᠡᠷ᠎ᠡ | ᠬᠦᠨᠳᠦ ᠶᠢ ᠦᠬᠦᠨ ᠬᠠᠮᠠᠭᠠᠯᠠᠬᠤ ᠶᠢ ᠡᠭᠦᠷᠢᠳᠡ ᠤᠷᠮᠠᠰᠢᠭᠤᠯᠤᠨ ᠵᠣᠷᠢᠬᠵᠢᠭᠤᠯᠤᠨᠡ︔ ᠨᠦᠭᠦᠭᠡ ᠲᠠᠯ᠎ᠠ ᠪᠠᠷ᠂ ᠮᠠᠨ ᠤ ᠴᠡᠷᠢᠭ ᠤᠨ ᠰᠢᠨ᠎ᠡ ᠪᠠᠶᠢᠭᠤᠯᠤᠯ᠂ ᠰᠢᠨ᠎ᠡ | ᠴᠢᠳᠠᠪᠤᠷᠢ᠂ ᠰᠢᠨ᠎ᠡ ᠳᠦᠷᠰᠦ ᠪᠠᠶᠢᠳᠠᠯ ᠢ ᠳᠡᠯᠭᠡᠨ ᠦᠵᠡᠭᠦᠯᠭᠦ ᠪᠠᠷ ᠳᠠᠮᠵᠢᠵᠤ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠣᠯᠣᠭᠰᠠᠨ | ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠶᠢ ᠢᠯᠡᠷᠡᠭᠦᠯᠵᠦ᠂ ᠠᠷᠠᠳ ᠤᠨ ᠴᠡᠷᠢᠭ ᠠᠩᠭᠢ ᠶᠢᠨ ᠳᠡᠯᠡᠬᠡᠢ ᠶᠢᠨ | ᠲᠡᠷᠢᠭᠦᠨ ᠵᠡᠷᠭᠡ ᠶᠢᠨ ᠴᠡᠷᠢᠭ ᠠᠩᠭᠢ ᠲᠡᠶᠢᠰᠢ ᠤᠷᠤᠭᠰᠢᠯᠠᠬᠤ ᠢᠳᠡᠷᠡᠭᠦᠨ ᠠᠯᠬᠤᠭ᠎ᠠ ᠶᠢ ᠢᠯᠡᠷᠡᠭᠦᠯᠦᠨ᠎ᠡ᠃ ᠬᠤᠶᠠᠳᠤᠭᠠᠷ ᠣᠨᠴᠠᠯᠢᠭ ᠨᠢ᠂ ᠴᠡᠷᠢᠭ ᠤᠨ ᠴᠡᠷᠢᠭ ᠤᠨ | ᠲᠦᠷᠦᠯ ᠵᠦᠢᠯ ᠤᠨ ᠣᠨᠴᠠᠯᠢᠭ ᠢ ᠢᠯᠡᠷᠡᠭᠦᠯᠬᠦ ᠮᠥᠷᠲᠡᠭᠡᠨ ᠪᠠᠰᠠ ᠨᠢᠭᠡ ᠴᠣᠭᠴᠠᠵᠢᠭᠰᠠᠨ ᠬᠤᠯᠪᠣᠭᠠᠯᠠᠯ ᠢ ᠢᠯᠡᠷᠡᠭᠦᠯᠦᠨ᠎ᠡ᠂ ᠶᠠᠪᠠᠭᠠᠨ ᠵᠢᠭᠰᠠᠭᠠᠯ ᠤᠨ ᠡᠩᠨᠡᠭᠡ ᠨᠢ᠂ | ᠮᠠᠨ ᠤ ᠴᠡᠷᠢᠭ ᠤᠨ ᠥᠭᠡᠷᠡᠴᠢᠯᠡᠵᠦ ᠲᠠᠭᠢᠨ ᠴᠣᠭᠴᠠᠯᠠᠭᠰᠠᠨ ᠤ ᠳᠠᠷᠠᠭᠠᠬᠢ ᠰᠢᠨ᠎ᠡ ᠴᠡᠷᠢᠭ ᠤᠨ ᠴᠡᠷᠢᠭ ᠤᠨ ᠲᠦᠷᠦᠯ ᠵᠦᠢᠯ ᠤᠨ ᠪᠦᠲᠦᠴᠡ ᠶᠢᠨ ᠪᠠᠶᠢᠷᠢᠰᠢᠯ ᠵᠢᠴᠢ | ︽ᠭᠤᠷᠪᠠ ᠶᠢ ᠤᠶᠠᠯᠳᠤᠭᠤᠯᠤᠭᠰᠠᠨ︾ ᠵᠡᠪᠰᠡᠭᠲᠦ ᠬᠦᠴᠦᠨ ᠤ ᠪᠦᠷᠢᠯᠳᠦᠯ ᠢ ᠭᠤᠣᠯᠳᠠᠯᠭ᠎ᠠ ᠲᠠᠢ ᠳᠡᠯᠭᠡᠨ ᠦᠵᠡᠭᠦᠯᠦᠨ᠎ᠡ︔ ᠵᠡᠪᠰᠡᠭ ᠲᠣᠨᠣᠭᠯᠠᠯ ᠤᠨ | ᠵᠢᠭᠰᠠᠭᠠᠯ ᠤᠨ ᠡᠩᠨᠡᠭᠡ ᠳᠤ᠂ ᠮᠠᠨ ᠤ ᠴᠡᠷᠢᠭ ᠤᠨ ᠵᠡᠪᠰᠡᠭ ᠲᠣᠨᠣᠭᠯᠠᠯ ᠤᠨ ᠰᠢᠰᠲ᠋ᠧᠮ ᠤᠨ ᠪᠠᠶᠢᠭᠤᠯᠤᠯᠲᠠ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠢ | ᠭᠤᠣᠯᠳᠠᠯᠭ᠎ᠠ ᠲᠠᠢ ᠳᠡᠯᠭᠡᠨ ᠦᠵᠡᠭᠦᠯᠵᠦ᠂ ᠬᠠᠮᠲᠤᠯᠢᠭ ᠡᠩᠨᠡᠭᠡ ᠬᠤᠯᠪᠣᠭᠠᠯᠠᠬᠤ᠂ ᠵᠢᠭᠰᠠᠭᠠᠯ ᠢ ᠨᠡᠶᠢᠯᠡᠭᠦᠯᠵᠦ ᠵᠣᠬᠢᠶᠠᠨ ᠪᠠᠶᠢᠭᠤᠯᠬᠤ ᠭᠡᠯᠪᠡᠷᠢ ᠪᠠᠷ ᠳᠠᠮᠵᠢᠨ᠂ | ᠮᠠᠨ ᠤ ᠴᠡᠷᠢᠭ ᠤᠨ ᠬᠠᠮᠲᠤᠷᠠᠭᠰᠠᠨ ᠵᠢᠯᠣᠭᠤᠳᠤᠯᠭ᠎ᠠ᠂ ᠬᠠᠮᠲᠤᠷᠠᠭᠰᠠᠨ ᠠᠵᠢᠯᠯᠠᠭ᠎ᠠ᠂ ᠬᠠᠮᠲᠤᠷᠠᠭᠰᠠᠨ ᠪᠠᠲᠤᠯᠠᠭ᠎ᠠ ᠶᠢᠨ ᠬᠦᠴᠦᠨ ᠤ ᠬᠡᠷᠡᠭᠯᠡᠯᠲᠡ ᠶᠢᠨ ᠰᠢᠨ᠎ᠡ | ᠵᠠᠭᠪᠤᠷ ᠢ ᠢᠯᠡᠷᠡᠭᠦᠯᠵᠦ᠂ ᠮᠠᠨ ᠤ ᠤᠯᠤᠰ ᠤᠨ ᠵᠡᠷ ᠵᠡᠪᠰᠡᠭ ᠲᠣᠨᠣᠭᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠲᠤᠰᠬᠠᠨ᠎ᠠ︔ ᠠᠭᠠᠷ ᠤᠨ | ᠱᠠᠲᠤᠯᠵᠢᠨ ᠡᠩᠨᠡᠭᠡ ᠨᠢ ᠮᠠᠨ ᠤ ᠤᠯᠤᠰ ᠤᠨ ᠠᠭᠠᠷ ᠲᠠᠬᠢ ᠪᠠᠶᠢᠯᠳᠤᠬᠤ ᠬᠦᠴᠦᠨ ᠤ ᠰᠢᠰᠲ᠋ᠧᠮᠵᠢᠭᠰᠡᠨ ᠲᠦᠪᠰᠢᠨ ᠪᠣᠯᠣᠨ ᠲᠦᠷᠭᠡᠨ ᠳᠡᠭᠡᠭᠰᠢᠯᠡᠭᠰᠡᠨ ᠲᠡᠷᠢᠭᠦᠨ ᠤ | ᠳᠠᠶᠢᠴᠢᠨ ᠬᠦᠴᠦᠨ ᠢ ᠭᠤᠣᠯᠳᠠᠯᠭ᠎ᠠ ᠲᠠᠢ ᠬᠠᠷᠠᠭᠤᠯᠤᠨ᠎ᠠ᠃ ᠭᠤᠷᠪᠠᠳᠤᠭᠠᠷ ᠣᠨᠴᠠᠯᠢᠭ ᠨᠢ᠂ ᠤᠯᠠᠮᠵᠢᠯᠠᠯᠲᠤ ᠭᠤᠣᠯ ᠲᠡᠶᠢᠨ ᠤ ᠬᠦᠴᠦᠨ ᠤ ᠳᠡᠯᠭᠡᠨ ᠦᠵᠡᠭᠦᠯᠭᠡ | ᠪᠤᠯᠬᠤ ᠪᠠᠷ ᠪᠠᠷᠠᠬᠤ ᠦᠭᠡᠢ᠂ ᠪᠠᠰᠠ ᠰᠢᠨ᠎ᠡ ᠬᠦᠷᠢᠶ᠎ᠡ ᠴᠠᠷᠠᠭ᠎ᠠ ᠰᠢᠨ᠎ᠡ ᠴᠢᠨᠠᠷ ᠤᠨ ᠬᠦᠴᠦᠨ ᠢ ᠴᠡᠷᠢᠭ ᠠᠩᠭᠢ ᠶᠢ ᠰᠢᠯᠭᠠᠨ ᠦᠵᠡᠬᠦ ᠶᠣᠰᠣᠯᠠᠯ ᠳᠤ | ᠣᠷᠣᠯᠴᠠᠭᠤᠯᠤᠨ᠎ᠠ᠂ ᠡᠨᠡ ᠤᠳᠠᠭᠠᠨ ᠤ ᠴᠡᠷᠢᠭ ᠢ ᠰᠢᠯᠭᠠᠨ ᠦᠵᠡᠬᠦ ᠶᠣᠰᠣᠯᠠᠯ ᠳᠤ ᠣᠷᠤᠯᠴᠠᠬᠤ ᠪᠤᠶ ᠪᠦᠬᠦᠢ ᠵᠡᠪᠰᠡᠭ ᠲᠣᠨᠣᠭᠯᠠᠯ ᠨᠢ ᠴᠥᠮ ᠤᠯᠤᠰ ᠲᠠᠭᠠᠨ | ᠦᠢᠯᠡᠳᠪᠦᠷᠢᠯᠡᠭᠰᠡᠨ ᠤᠳᠤ ᠶᠢᠨ ᠬᠡᠷᠡᠭᠯᠡᠵᠦ ᠪᠠᠶᠢᠭ᠎ᠠ ᠭᠤᠣᠯ ᠲᠡᠶᠢᠨ ᠤ ᠵᠡᠪᠰᠡᠭ ᠲᠣᠨᠣᠭᠯᠠᠯ ᠪᠣᠯᠣᠨ᠎ᠠ᠂ ᠪᠢᠳᠡ ᠰᠢᠨ᠎ᠡ ᠨᠢᠭᠡ ᠦᠶ᠎ᠡ ᠶᠢᠨ ᠤᠯᠠᠮᠵᠢᠯᠠᠯᠲᠤ ᠵᠡᠷ | ᠵᠡᠪᠰᠡᠭ ᠲᠣᠨᠣᠭᠯᠠᠯ ᠢ ᠳᠡᠯᠭᠡᠨ ᠦᠵᠡᠭᠦᠯᠭᠦ ᠰᠠᠭᠤᠷᠢᠨ ᠳᠡᠭᠡᠷ᠎ᠡ᠂ ᠪᠠᠰᠠ ᠬᠡᠰᠡᠭ ᠬᠥᠮᠥᠨ ᠵᠢᠯᠤᠭᠤᠳᠬᠤ ᠦᠭᠡᠢ ᠣᠶᠤᠨ ᠴᠢᠳᠠᠪᠤᠷᠢ᠂ ᠤᠰᠤᠨ ᠤ ᠳᠣᠣᠷ᠎ᠠ | ᠪᠠᠶᠢᠯᠳᠤᠬᠤ᠂ ᠡᠯᠧᠺᠳ᠋ᠷᠣᠨ ᠪᠠ ᠲᠣᠣᠷ ᠰᠦᠯᠵᠢᠶᠡᠨ ᠤ ᠪᠠᠶᠢᠯᠳᠤᠭᠠᠨ ᠤ ᠳᠠᠭᠠᠷᠢᠵᠤ ᠰᠡᠷᠭᠡᠶᠢᠯᠡᠬᠦ᠂ ᠥᠨᠳᠥᠷ ᠭᠡᠲᠦ ᠲᠠᠭᠤᠨ ᠤ ᠬᠤᠷᠳᠤᠴᠠ ᠵᠡᠷᠭᠡ ᠰᠢᠨ᠎ᠡ | ᠭᠡᠯᠪᠡᠷᠢ ᠶᠢᠨ ᠪᠠᠶᠢᠯᠳᠤᠭᠠᠨ ᠤ ᠬᠦᠴᠦᠨ ᠤ ᠴᠡᠷᠢᠭ ᠢ ᠰᠢᠯᠭᠠᠨ ᠦᠵᠡᠬᠦ ᠳᠤ ᠣᠷᠤᠯᠴᠠᠬᠤ ᠠᠵᠢᠯᠯᠠᠭ᠎ᠠ ᠶᠢ ᠲᠣᠬᠢᠷᠠᠭᠤᠯᠵᠤ᠂ ᠮᠠᠨ ᠤ ᠴᠡᠷᠢᠭ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠪᠠ ᠲᠡᠶᠢᠨ ᠤ ᠭᠡᠯᠪᠡᠷᠢ ᠶᠢᠨ ᠬᠤᠪᠢᠰᠤᠯᠲᠠ ᠳᠤ ᠵᠣᠬᠢᠴᠠᠬᠤ᠂ ᠢᠷᠡᠭᠡᠳᠦᠢ ᠶᠢᠨ ᠲᠡᠶᠢᠨ ᠳᠤ ᠢᠯᠠᠯᠲᠠ ᠣᠯᠬᠤ | ᠬᠦᠴᠦᠷᠬᠡᠭ ᠶᠡᠭᠡ ᠴᠢᠳᠠᠪᠤᠷᠢ ᠶᠢ ᠢᠯᠡᠷᠡᠭᠦᠯᠦᠨ᠎ᠡ᠃ | ᠣᠳᠣᠬᠠᠨ ᠳᠤ᠂ ᠨᠠᠮ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠭᠰᠡᠨ ᠴᠡᠷᠢᠭ ᠤᠨ ᠵᠢᠭᠰᠠᠭᠠᠯ ᠢ ᠰᠢᠯᠭᠠᠨ | ᠦᠵᠡᠬᠦ ᠶᠡᠷᠦᠩᠬᠡᠢ ᠲᠥᠰᠥᠯ ᠶᠣᠰᠣᠭᠠᠷ᠂ ᠪᠢᠳᠡ ᠶᠠᠭ ᠡᠯ᠎ᠡ ᠵᠦᠢᠯ ᠤᠨ ᠪᠡᠯᠡᠳᠬᠡᠯ ᠠᠵᠢᠯ ᠢ ᠡᠮᠬᠢ ᠵᠢᠷᠤᠮ ᠲᠠᠢ ᠥᠷᠨᠢᠭᠦᠯᠵᠦ ᠪᠠᠶᠢᠨ᠎ᠠ᠃ ᠡᠨᠡ ᠤᠳᠠᠭ᠎ᠠ ᠶᠢᠨ | ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠳᠤ᠂ ᠪᠢᠳᠡ ᠠᠵᠢᠯᠴᠢ ᠠᠷᠪᠢᠴᠢ ᠪᠠᠷ ᠴᠡᠷᠢᠭ ᠪᠠᠶᠢᠭᠤᠯᠬᠤ ᠵᠠᠷᠴᠢᠮ ᠢ ᠪᠠᠷᠢᠮᠲᠠᠯᠠᠵᠤ᠂ ᠤᠳᠤ ᠶᠢᠨ | ᠨᠥᠬᠦᠴᠡᠯ ᠳᠤ ᠭᠦᠢᠴᠡᠳ ᠲᠦᠰᠢᠭᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠢᠨ ᠦᠷ᠎ᠡ ᠪᠦᠲᠦᠮᠵᠢ ᠵᠠᠷᠤᠳᠠᠯ ᠤᠨ | ᠬᠠᠷᠢᠴᠠᠯ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠠ᠃ | ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠬᠤ ᠦᠶ᠎ᠡ ᠳᠤ᠂ ᠬᠤ᠋ ᠾᠧ ᠫᠢᠩ᠂ ᠡᠨᠡ ᠤᠳᠠᠭᠠᠨ ᠤ ᠳᠤᠷᠠᠰᠬᠠᠬᠤ ᠠᠵᠢᠯᠯᠠᠭ᠎ᠠ ᠶᠢᠨ ᠶᠡᠷᠦᠩᠬᠡᠢ | ᠲᠣᠬᠢᠷᠠᠭᠤᠯᠤᠯᠲᠠ ᠶᠢ ᠦᠨᠳᠦᠰᠦᠯᠡᠨ᠂ ᠬᠤᠯᠪᠣᠭᠳᠠᠯ ᠪᠦᠬᠦᠢ ᠤᠯᠤᠰ ᠤᠨ ᠤᠳᠤᠷᠢᠳᠬᠤ ᠬᠥᠮᠥᠰ᠂ ᠤᠤᠯ ᠤᠨ ᠤᠯᠤᠰ ᠲᠦᠷᠦ ᠶᠢᠨ ᠴᠢᠬᠤᠯᠠ ᠬᠥᠮᠥᠰ᠂ ᠳᠡᠭᠡᠳᠦ | ᠲᠠᠰ ᠤᠨ ᠲᠤᠰᠢᠶᠠᠯᠲᠠᠨ᠂ ᠬᠤᠯᠪᠣᠭᠳᠠᠯ ᠪᠦᠬᠦᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ᠂ ᠳᠤᠮᠳᠠᠳᠤ ᠤᠯᠤᠰ ᠲᠤ ᠰᠠᠭᠤᠭ᠎ᠠ | ᠭᠠᠳᠠᠭᠠᠳᠤ ᠶᠢᠨ ᠡᠯᠴᠢᠨ ᠰᠠᠶᠢᠳ᠂ ᠴᠡᠷᠢᠭ ᠤᠨ ᠨᠣᠶᠠᠨ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ | ᠲᠥᠯᠥᠭᠡᠯᠡᠭᠴᠢ ᠶᠢ ᠤᠷᠢᠵᠤ᠂ ᠳᠤᠮᠳᠠᠳᠤ ᠤᠯᠤᠰ ᠤᠨ ᠶᠠᠫᠤᠨ ᠢ ᠡᠰᠡᠷᠭᠦᠴᠡᠬᠦ ᠲᠠᠶᠢᠠ ᠤ ᠢᠯᠠᠯᠲᠠ ᠣᠯᠬᠤ ᠳᠤ ᠭᠠᠪᠢᠶ᠎ᠠ ᠵᠢᠳᠬᠦᠯ ᠦᠵᠡᠭᠦᠯᠦᠭᠰᠡᠨ ᠣᠯᠠᠨ | ᠤᠯᠤᠰ ᠤᠨ ᠨᠥᠭᠦᠷᠰᠡᠭ ᠬᠥᠮᠥᠰ ᠪᠤᠶᠤ ᠲᠡᠳᠡᠨ ᠤ ᠭᠡᠷ ᠪᠦᠯᠢ ᠶᠢᠨ ᠲᠥᠯᠥᠭᠡᠯᠡᠭᠴᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠭᠤᠯᠤᠨ᠎ᠠ ᠭᠡᠵᠦ ᠢᠯᠡᠳᠬᠡᠪᠡ᠃ | ᠦ᠋ ᠽᠧ ᠺᠧ᠂ ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠳᠤ᠂ ᠰᠢᠯᠭᠠᠨ ᠦᠵᠡᠬᠦ ᠶᠢ ᠬᠦᠯᠢᠶᠡᠬᠦ ᠵᠡᠷ ᠵᠡᠪᠰᠡᠭ ᠲᠣᠨᠣᠭᠯᠠᠯ ᠨᠢ ᠴᠥᠮ | ᠤᠯᠤᠰ ᠲᠠᠭᠠᠨ ᠦᠢᠯᠡᠳᠪᠦᠷᠢᠯᠡᠭᠰᠡᠨ ᠤᠳᠤ ᠶᠢᠨ ᠬᠡᠷᠡᠭᠯᠡᠵᠦ ᠪᠠᠶᠢᠭ᠎ᠠ ᠭᠤᠣᠯ ᠪᠠᠶᠢᠯᠳᠤᠭᠠᠨ ᠤ ᠵᠡᠪᠰᠡᠭ ᠲᠣᠨᠣᠭᠯᠠᠯ ᠪᠣᠯᠣᠨ᠎ᠠ᠂ ᠮᠠᠨ ᠤ ᠴᠡᠷᠢᠭ ᠤᠨ ᠰᠢᠰᠲ᠋ᠧᠮ ᠤᠨ | ᠪᠠᠶᠢᠯᠳᠤᠬᠤ ᠴᠢᠳᠠᠪᠤᠷᠢ᠂ ᠰᠢᠨ᠎ᠡ ᠬᠦᠷᠢᠶ᠎ᠡ ᠴᠠᠷᠠᠭ᠎ᠠ ᠰᠢᠨ᠎ᠡ ᠴᠢᠨᠠᠷ ᠤᠨ ᠪᠠᠶᠢᠯᠳᠤᠬᠤ ᠬᠦᠴᠦᠨ᠂ ᠪᠠᠶᠢᠯᠳᠤᠬᠤ ᠪᠣᠳᠣᠯᠭ᠎ᠠ ᠶᠢᠨ ᠰᠦᠷᠳᠡᠭᠦᠯᠬᠦ ᠬᠦᠴᠦᠨ ᠤ | ᠲᠥᠪᠯᠡᠷᠡᠩᠭᠦᠢ ᠳᠡᠯᠭᠡᠨ ᠦᠵᠡᠭᠦᠯᠭᠡ ᠪᠣᠯᠣᠨ᠎ᠠ᠂ ᠮᠠᠨ ᠤ ᠤᠯᠤᠰ ᠤᠨ ᠵᠡᠷ ᠵᠡᠪᠰᠡᠭ ᠲᠣᠨᠣᠭᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢᠨ | ᠲᠥᠪᠯᠡᠷᠡᠩᠭᠦᠢ ᠢᠯᠡᠷᠡᠯ ᠪᠣᠯᠣᠨ᠎ᠠ᠃ ᠡᠭᠦᠨ ᠳᠤ ᠭᠤᠣᠯᠳᠠᠭᠤ ᠬᠡᠳᠦᠨ ᠣᠨᠴᠠᠯᠢᠭ ᠲᠠᠢ᠄ ᠨᠢᠭᠡᠳᠦᠭᠡᠷ ᠣᠨᠴᠠᠯᠢᠭ ᠨᠢ ᠰᠢᠰᠲ᠋ᠧᠮᠵᠢᠪᠡ᠃ ᠰᠢᠯᠭᠠᠨ ᠦᠵᠡᠬᠦ ᠳᠤ | ᠣᠷᠤᠯᠴᠠᠬᠤ ᠪᠤᠢ ᠪᠦᠬᠦᠢ ᠵᠡᠷ ᠵᠡᠪᠰᠡᠭ ᠲᠣᠨᠣᠭᠯᠠᠯ ᠨᠢ ᠴᠥᠮ ᠡᠯ᠎ᠡ ᠴᠡᠷᠢᠭ ᠤᠨ ᠴᠡᠷᠢᠭ ᠤᠨ ᠲᠦᠷᠦᠯ ᠵᠦᠢᠯ ᠤᠨ ᠪᠠᠶᠢᠯᠳᠤᠭᠠᠨ ᠤ ᠴᠡᠷᠢᠭ ᠠᠩᠭᠢ ᠠᠴᠠ ᠰᠢᠯᠢᠨ | ᠰᠣᠩᠭᠤᠵᠤ ᠳᠤᠭᠤᠶᠢᠯᠠᠩ ᠪᠠᠶᠢᠭᠤᠯᠵᠤ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠣᠬᠢᠯᠲᠠ ᠥᠭᠬᠦ ᠬᠦᠴᠦᠨ ᠪᠠᠶᠢᠬᠤ ᠪᠠᠷ ᠪᠠᠷᠠᠬᠤ ᠦᠭᠡᠢ᠂ ᠪᠠᠰᠠ ᠨᠢᠭᠡ | ᠪᠦᠯᠦᠭ ᠪᠠᠶᠢᠯᠳᠤᠭᠠᠨ ᠤ ᠪᠠᠶᠢᠯᠳᠤᠬᠤ ᠠᠷᠭ᠎ᠠ ᠶᠢᠨ ᠲᠡᠷᠢᠭᠦᠨ ᠤ ᠵᠡᠪᠰᠡᠭ ᠲᠣᠨᠣᠭᠯᠠᠯ ᠪᠠᠶᠢᠵᠤ᠂ ᠪᠠᠰᠠ ᠢᠷᠡᠭᠡᠳᠦᠢ ᠶᠢᠨ ᠲᠠᠶᠢᠨ ᠤ ᠭᠡᠯᠪᠡᠷᠢ ᠪᠠᠶᠢᠳᠠᠯ ᠲᠠᠢ | ᠵᠣᠬᠢᠴᠠᠭᠰᠠᠨ ᠰᠢᠨ᠎ᠡ ᠴᠢᠨᠠᠷ ᠤᠨ ᠬᠦᠴᠦᠨ ᠪᠠᠶᠢᠨ᠎ᠠ᠃ ᠬᠤᠶᠠᠳᠤᠭᠠᠷ ᠣᠨᠴᠠᠯᠢᠭ ᠨᠢ᠂ ᠡᠯᠧᠮᠧᠨ᠋ᠲ ᠪᠦᠷᠢᠨ᠃ ᠦᠨᠳᠦᠰᠦᠨ ᠳᠡᠭᠡᠨ ᠵᠢᠯᠤᠭᠤᠳᠴᠤ ᠡᠵᠡᠮᠳᠡᠬᠦ᠂ | ᠲᠠᠩᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠭᠦ᠂ ᠠᠭᠠᠷ ᠤᠨ ᠰᠡᠷᠭᠡᠶᠢᠯᠡᠯᠲᠡ ᠶᠢᠨ ᠵᠠᠯᠠᠭᠤᠷᠲᠤ ᠰᠤᠮᠤ ᠶᠢ ᠡᠰᠡᠷᠭᠦᠴᠡᠨ ᠬᠤᠷᠢᠭᠯᠠᠬᠤ᠂ ᠭᠠᠯᠯᠠᠭ᠎ᠠ ᠪᠠᠷ | ᠴᠣᠬᠢᠯᠲᠠ ᠥᠭᠬᠦ᠂ ᠶᠡᠷᠦᠩᠬᠡᠶᠢᠯᠡᠨ ᠪᠠᠲᠤᠯᠠᠬᠤ ᠵᠡᠷᠭᠡ ᠡᠯ᠎ᠡ ᠲᠥᠷᠥᠯ ᠤᠨ ᠬᠦᠴᠦᠨ ᠢ ᠬᠠᠮᠤᠷᠴᠠᠢ᠃ ᠭᠤᠷᠪᠠᠳᠤᠭᠠᠷ ᠣᠨᠴᠠᠯᠢᠭ ᠨᠢ ᠪᠣᠳᠠᠲᠤ ᠪᠠᠶᠢᠯᠳᠤᠭᠠᠨ ᠤ ᠬᠢ | ᠪᠣᠯᠣᠨ᠎ᠠ᠃ ᠪᠠᠶᠢᠯᠳᠤᠭᠠᠨ ᠤ ᠬᠠᠮᠲᠤᠯᠢᠭ ᠡᠩᠨᠡᠭᠡ ᠳᠤᠭᠤᠶᠢᠯᠠᠩ ᠬᠤᠪᠢᠶᠠᠵᠤ ᠰᠢᠯᠭᠠᠨ ᠦᠵᠡᠬᠦ ᠶᠢ ᠬᠦᠯᠢᠶᠡᠬᠦ ᠨᠢ ᠮᠡᠳᠡᠭᠡ ᠵᠠᠩᠭᠢ ᠪᠠᠷ ᠭᠤᠣᠯᠯᠠᠭᠤᠯᠵᠤ᠂ | ᠰᠢᠰᠲ᠋ᠧᠮ ᠢᠶᠠᠷ ᠲᠤᠯᠭᠠᠭᠤᠷᠢᠯᠠᠵᠤ᠂ ᠰᠢᠯᠢᠳᠡᠭ ᠴᠡᠷᠢᠭ ᠪᠠᠶᠢᠯᠳᠤᠭᠠᠨ ᠬᠢᠵᠦ᠂ ᠬᠤᠯᠪᠤᠭᠠᠯᠠᠨ ᠢᠯᠠᠯᠲᠠ ᠣᠯᠬᠤ ᠣᠨᠴᠠᠯᠢᠭ ᠢ ᠢᠯᠡᠷᠡᠭᠦᠯᠪᠡ ᠭᠡᠵᠦ ᠢᠯᠡᠳᠬᠡᠪᠡ᠃ | ᠦ᠋ ᠽᠧ ᠺᠧ᠂ ᠡᠨᠡ ᠤᠳᠠᠭᠠᠨ ᠤ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠨᠢ ᠶᠠᠫᠤᠨ ᠢ ᠡᠰᠡᠷᠭᠦᠴᠡᠬᠦ ᠲᠡᠶᠢᠨ ᠤ ᠢᠯᠠᠯᠲᠠ ᠣᠯᠣᠭᠰᠠᠨ ᠭᠤᠣᠯ | ᠰᠡᠳᠦᠪ ᠢ ᠲᠠᠶᠢᠯᠪᠤᠷᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠫᠤᠨ ᠢ ᠡᠰᠡᠷᠭᠦᠴᠡᠬᠦ ᠲᠡᠶᠢᠨ ᠤ ᠡᠯᠧᠮᠧᠨ᠋ᠲ ᠢ ᠴᠢᠬᠤᠯᠠᠴᠢᠯᠠᠵᠤ᠂ ᠲᠡᠦᠬᠡ ᠶᠢᠨ ᠡᠯᠧᠮᠧᠨ᠋ᠲ ᠢ | ᠵᠢᠷᠤᠭ ᠲᠥᠯᠥᠪᠯᠡᠭᠡ ᠳᠤ ᠠᠭᠤᠰᠤᠯᠴᠠᠭᠤᠯᠪᠠ᠂ ᠡᠨᠡ ᠨᠢ ᠭᠤᠣᠯᠳᠠᠭᠤ ᠭᠤᠷᠪᠠᠨ ᠲᠠᠯ᠎ᠠ ᠪᠠᠷ ᠢᠯᠡᠷᠡᠵᠦ ᠪᠤᠶ᠄ ᠨᠢᠭᠡᠳᠦᠭᠡᠷ ᠲᠤ᠂ ᠶᠠᠫᠤᠨ ᠢ ᠡᠰᠡᠷᠭᠦᠴᠡᠬᠦ ᠲᠡᠶᠢᠨ ᠤ | ᠤᠳᠤᠮᠰᠢᠯ ᠢ ᠵᠠᠯᠭᠠᠮᠵᠢᠯᠠᠨ᠎ᠠ᠃ ᠰᠢᠯᠭᠠᠨ ᠦᠵᠡᠬᠦ ᠳᠤ ᠣᠷᠤᠯᠴᠠᠬᠤ ᠴᠡᠷᠢᠭ ᠠᠩᠭᠢ ᠶᠢᠨ ᠣᠯᠠᠩᠬᠢ ᠶᠢ ᠨᠢ ᠶᠠᠫᠤᠨ ᠢ ᠡᠰᠡᠷᠭᠦᠴᠡᠬᠦ ᠴᠡᠷᠢᠭ ᠠᠩᠭᠢ ᠶᠢᠨ | ᠤᠳᠤᠮᠰᠢᠯ ᠲᠠᠢ ᠪᠠᠶᠢᠭᠤᠯᠭ᠎ᠠ ᠨᠢᠭᠡᠴᠢ ᠠᠴᠠ ᠰᠣᠩᠭᠤᠨ ᠵᠣᠬᠢᠶᠠᠨ ᠪᠠᠶᠢᠭᠤᠯᠵᠤ᠂ ᠨᠠᠢᠮᠠᠳᠤᠭᠠᠷ ᠵᠠᠮ ᠤᠨ ᠴᠡᠷᠢᠭ᠂ ᠰᠢᠨ᠎ᠡ ᠳᠥᠷᠪᠡᠳᠦᠭᠡᠷ ᠠᠷᠮᠢ᠂ ᠵᠡᠭᠦᠨ | ᠬᠤᠶᠢᠲᠤ ᠶᠢᠨ ᠶᠠᠫᠤᠨ ᠢ ᠡᠰᠡᠷᠭᠦᠴᠡᠬᠦ ᠬᠤᠯᠪᠣᠭᠠᠲᠤ ᠴᠡᠷᠢᠭ᠂ ᠡᠮᠦᠨᠡᠲᠦ ᠣᠷᠣᠨ ᠤ ᠫᠠᠷᠲ᠋ᠢᠽᠠᠨ ᠠᠩᠭᠢ ᠵᠡᠷᠭᠡ ᠶᠠᠫᠤᠨ ᠢ ᠡᠰᠡᠷᠭᠦᠴᠡᠬᠦ ᠭᠤᠣᠯ ᠬᠦᠴᠦᠨ ᠢ ᠬᠠᠮᠤᠷᠴᠤ | ᠂ ᠠᠷᠠᠳ ᠤᠨ ᠴᠡᠷᠢᠭ ᠠᠩᠭᠢ ᠶᠢᠨ ᠶᠠᠫᠤᠨ ᠢ ᠡᠰᠡᠷᠭᠦᠴᠡᠭᠰᠡᠨ ᠪᠡᠷᠬᠡ ᠬᠠᠲᠠᠭᠤᠵᠢᠯᠲᠠᠢ ᠭᠠᠷᠮᠠᠭᠠᠢ ᠥᠩᠭᠡᠷᠡᠯᠲᠡ᠂ ᠬᠤᠪᠢᠰᠬᠠᠯᠲᠤ ᠤᠳᠤᠮᠰᠢᠯ ᠤᠨ ᠲᠡᠦᠬᠡᠨ | ᠤᠯᠠᠮᠵᠢᠯᠠᠯ ᠢ ᠭᠦᠢᠴᠡᠳ ᠲᠤᠰᠬᠠᠨ᠎ᠠ᠃ ᠬᠤᠶᠠᠳᠤᠭᠠᠷ ᠲᠤ᠂ ᠭᠠᠪᠢᠶ᠎ᠠ ᠵᠢᠳᠬᠦᠯ ᠢᠷᠠᠭᠤ ᠠᠯᠳᠠᠷ ᠢ ᠳᠡᠭᠡᠳᠦᠯᠡᠨ᠎ᠡ᠃ ᠮᠠᠨ ᠤ ᠴᠡᠷᠢᠭ ᠤᠨ ᠶᠠᠫᠤᠨ ᠢ ᠡᠰᠡᠷᠭᠦᠴᠡᠬᠦ | ᠲᠠᠶᠢᠨ ᠤ ᠦᠶ᠎ᠡ ᠶᠢᠨ ᠭᠠᠪᠢᠶ᠎ᠠ ᠵᠢᠳᠬᠦᠯ ᠢᠷᠠᠭᠤ ᠠᠯᠳᠠᠷ ᠤᠨ ᠲᠤᠭ ᠢ ᠰᠢᠯᠢᠨ ᠰᠣᠩᠭᠤᠵᠤ᠂ ᠠᠷᠠᠳ ᠤᠨ ᠴᠡᠷᠢᠭ ᠠᠩᠭᠢ ᠶᠢᠨ ᠶᠠᠫᠤᠨ ᠢ ᠡᠰᠡᠷᠭᠦᠴᠡᠬᠦ ᠲᠠᠶᠢᠨ ᠤ | ᠳᠤᠮᠳᠠ ᠣᠯᠣᠭᠰᠠᠨ ᠠᠭᠤᠤ ᠶᠡᠭᠡ ᠢᠯᠠᠯᠲᠠ᠂ ᠪᠠᠶᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠵᠢᠳᠬᠦᠯ ᠢ ᠢᠯᠡᠷᠡᠭᠦᠯᠵᠦ᠂ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ ᠪᠠᠶᠢᠬᠤ᠂ ᠭᠠᠪᠢᠶ᠎ᠠ ᠵᠢᠳᠬᠦᠯ ᠦᠵᠡᠭᠦᠯᠦᠭᠰᠡᠨ ᠢᠷᠠᠭᠤ ᠠᠯᠳᠠᠷᠲᠤ ᠴᠡᠷᠢᠭ ᠠᠩᠭᠢ ᠶᠢ ᠢᠮᠠᠭᠲᠠ ᠪᠠᠲᠤ | ᠴᠡᠭᠡᠵᠢᠯᠡᠵᠦ ᠪᠠᠶᠢᠬᠤ᠂ ᠰᠢᠯᠢᠳᠡᠭ ᠤᠯᠠᠮᠵᠢᠯᠠᠯᠲᠤ ᠰᠤᠷᠲᠠᠯ ᠢ ᠤᠯᠠᠮᠵᠢᠯᠠᠨ ᠵᠠᠯᠭᠠᠮᠵᠢᠯᠠᠵᠤ ᠪᠠᠶᠢᠬᠤ ᠶᠢ ᠢᠯᠡᠳᠬᠡᠨ᠎ᠡ᠃ ᠭᠤᠷᠪᠠᠳᠤᠭᠠᠷ ᠲᠤ᠂ ᠲᠡᠦᠬᠡ ᠶᠢᠨ | ᠰᠣᠩᠭᠤᠳᠠᠭ ᠪᠦᠲᠦᠭᠡᠯ ᠢ ᠲᠠᠭᠢᠨ ᠡᠷᠭᠢᠴᠡᠭᠦᠯᠦᠨ᠎ᠡ᠃ ᠡᠨᠡ ᠤᠳᠠᠭ᠎ᠠ ᠶᠢᠨ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠳᠤ ᠪᠢᠳᠡ ᠬᠠᠮᠲᠤᠷᠠᠭᠰᠠᠨ | ᠴᠡᠷᠢᠭ ᠤᠨ ᠬᠥᠭᠵᠢᠮ ᠤᠨ ᠪᠦᠯᠭᠦᠮ ᠢ ᠵᠣᠬᠢᠶᠠᠨ ᠪᠠᠶᠢᠭᠤᠯᠵᠤ᠂ ᠤᠯᠠᠨ ᠤ ᠴᠢᠬᠢᠨ ᠳᠤ ᠬᠠᠳᠠᠩᠰᠢᠵᠤ ᠴᠡᠭᠡᠵᠢᠨ ᠳᠤ ᠰᠠᠭᠤᠭᠳᠠᠭᠰᠠᠨ 3 ᠶᠠᠫᠤᠨ ᠢ ᠡᠰᠡᠷᠭᠦᠴᠡᠬᠦ | ᠳᠠᠶᠢᠨ ᠤ ᠲᠤᠬᠠᠢ ᠵᠠᠷᠢᠮ ᠰᠣᠩᠭᠤᠳᠠᠭ ᠳᠠᠭᠤᠤ ᠬᠥᠭᠵᠢᠮ ᠢ ᠬᠥᠭᠵᠢᠮᠳᠡᠵᠦ᠂ ᠲᠤᠰᠬᠠᠶᠢᠯᠠᠨ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠳᠤ ᠬᠡᠷᠡᠭᠯᠡᠬᠦ ᠲᠤᠰᠬᠠᠢ | ᠲᠡᠮᠳᠡᠭ ᠢ ᠵᠢᠷᠤᠵᠤ ᠲᠥᠯᠥᠪᠯᠡᠨ᠂ ᠪᠦᠭᠦ ᠤᠯᠤᠰ ᠤᠨ ᠠᠷᠠᠳ ᠲᠦᠮᠡᠨ ᠳᠤ ᠶᠠᠫᠤᠨ ᠢ ᠡᠰᠡᠷᠭᠦᠴᠡᠬᠦ ᠳᠠᠶᠢᠨ ᠤ ᠲᠡᠦᠬᠡ ᠶᠢ ᠲᠠᠭᠢᠨ ᠮᠡᠳᠡᠭᠦᠯᠵᠦ᠂ ᠶᠠᠫᠤᠨ ᠢ | ᠡᠰᠡᠷᠭᠦᠴᠡᠬᠦ ᠳᠠᠶᠢᠨ ᠤ ᠵᠣᠷᠢᠭ ᠰᠠᠨᠠᠭ᠎ᠠ ᠶᠢ ᠣᠶᠢᠯᠠᠭᠠᠭᠤᠯᠵᠤ᠂ ᠠᠷᠠᠳ ᠤᠨ ᠴᠡᠷᠢᠭ ᠠᠩᠭᠢ ᠶᠢᠨ ᠤᠯᠤᠰ ᠭᠡᠷ ᠪᠣᠯᠣᠨ ᠦᠨᠳᠦᠰᠦᠲᠡᠨ ᠤ ᠨᠡᠷ᠎ᠡ ᠬᠦᠨᠳᠦ ᠶᠢ ᠦᠬᠦᠨ | ᠬᠠᠮᠠᠭᠠᠯᠠᠬᠤ ᠶᠢ ᠵᠣᠷᠢᠭᠵᠢᠭᠤᠯᠤᠨ᠎ᠠ ᠭᠡᠪᠡ᠃ | ᠡᠨᠡ ᠵᠢᠯ ᠪᠣᠯ ᠳᠤᠮᠳᠠᠳᠤ ᠤᠯᠤᠰ ᠤᠨ ᠴᠡᠷᠢᠭ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠩᠬᠡ ᠲᠠᠶᠢᠪᠤᠩ ᠢ ᠬᠠᠮᠠᠭᠠᠯᠠᠬᠤ ᠠᠵᠢᠯᠯᠠᠭ᠎ᠠ ᠳᠤ | ᠣᠷᠣᠯᠴᠠᠬᠰᠠᠨ 35 ᠵᠢᠯ ᠤᠨ ᠤᠢ ᠪᠣᠯᠣᠨ᠎ᠠ᠃ ᠦ᠋ ᠽᠧ ᠺᠧ᠂ ᠡᠨᠡ ᠵᠢᠯ ᠤᠨ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠳᠤ ᠡᠩᠬᠡ ᠲᠠᠶᠢᠪᠤᠩ ᠢ | ᠬᠠᠮᠠᠭᠠᠯᠠᠬᠤ ᠡᠭᠦᠷᠭᠡ ᠶᠢ ᠭᠦᠢᠴᠡᠳᠬᠡᠵᠦ ᠥᠩᠭᠡᠷᠡᠭᠰᠡᠨ ᠴᠡᠷᠢᠭ ᠠᠩᠭᠢ ᠶᠢ ᠲᠣᠬᠢᠷᠠᠭᠤᠯᠤᠨ ᠴᠡᠷᠢᠭ ᠢ ᠰᠢᠯᠭᠠᠨ ᠦᠵᠡᠬᠦ ᠶᠣᠰᠣᠯᠠᠯ ᠳᠤ ᠣᠷᠣᠯᠴᠠᠭᠤᠯᠤᠨ᠎ᠠ᠃ | ᠡᠷᠦᠭᠡ ᠶᠢᠨ ᠴᠡᠷᠢᠭ ᠪᠣᠯ ᠮᠠᠨ ᠤ ᠤᠯᠤᠰ ᠤᠨ ᠵᠡᠪᠰᠡᠭᠲᠦ ᠬᠦᠴᠦᠨ ᠤ ᠪᠦᠷᠢᠯᠳᠦᠭᠦᠨ ᠬᠡᠰᠡᠭ ᠮᠥᠨ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ | ᠬᠠᠪᠰᠤᠷᠤᠭᠴᠢ ᠪᠠ ᠪᠡᠯᠡᠳᠬᠡᠯ ᠬᠦᠴᠦᠨ ᠮᠥᠨ᠃ ᠡᠨᠡ ᠤᠳᠠᠭᠠᠨ ᠤ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠳᠤ ᠡᠷᠦᠭᠡ ᠶᠢᠨ ᠴᠡᠷᠢᠭ ᠤᠨ | ᠵᠢᠭᠰᠠᠭᠠᠯ ᠢ ᠲᠣᠬᠢᠷᠠᠭᠤᠯᠤᠨ ᠰᠢᠯᠭᠠᠨ ᠦᠵᠡᠬᠦ ᠳᠤ ᠣᠷᠣᠯᠴᠠᠭᠤᠯᠬᠤ ᠪᠣᠯᠣᠨ᠎ᠠ᠂ ᠡᠨᠡ ᠪᠣᠯ ᠡᠷᠦᠭᠡ ᠶᠢᠨ ᠴᠡᠷᠢᠭ ᠶᠠᠫᠤᠨ ᠢ ᠡᠰᠡᠷᠭᠦᠴᠡᠬᠦ ᠳᠠᠶᠢᠨ ᠢᠯᠠᠯᠲᠠ | ᠣᠯᠣᠭᠰᠠᠨ ᠢ ᠳᠤᠷᠠᠰᠬᠠᠬᠤ ᠪᠠᠷ ᠭᠤᠣᠯ ᠰᠡᠳᠦᠪ ᠪᠤᠯᠭᠠᠬᠰᠠᠨ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠠᠵᠢᠯᠯᠠᠭ᠎ᠠ ᠳᠤ ᠠᠩᠬ᠎ᠠ ᠤᠳᠠᠭ᠎ᠠ ᠣᠷᠤᠯᠴᠠᠬᠤ ᠶᠠᠪᠤᠳᠠᠯ | ᠪᠣᠯᠣᠨ᠎ᠠ ᠭᠡᠵᠦ ᠢᠯᠡᠳᠬᠡᠪᠡ᠃ | ᠣᠶᠢᠯᠠᠭᠠᠭᠰᠠᠨ ᠢᠶᠠᠷ᠂ ᠡᠨᠡ ᠤᠳᠠᠭᠠᠨ ᠤ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠳᠤ ᠶᠠᠫᠤᠨ ᠢ ᠡᠰᠡᠷᠭᠦᠴᠡᠬᠦ ᠲᠡᠶᠢᠨ ᠳᠤ ᠣᠷᠣᠯᠴᠠᠵᠤ | ᠥᠩᠭᠡᠷᠡᠭᠰᠡᠨ ᠠᠬᠠᠮᠠᠳ ᠪᠠᠶᠢᠯᠳᠤᠭᠴᠢ᠂ ᠠᠬᠠᠮᠠᠳ ᠨᠥᠬᠦᠷ᠂ ᠠᠬᠠᠮᠠᠳ ᠡᠷᠦᠭᠡ ᠶᠢᠨ ᠴᠡᠷᠢᠭ᠂ ᠣᠷᠣᠨ ᠨᠤᠲᠤᠭ ᠤᠨ ᠲᠡᠶᠢᠨ ᠤ ᠡᠮᠦᠨ᠎ᠡ ᠹᠷᠣᠨᠲ ᠢ ᠳᠡᠮᠵᠢᠭᠰᠡᠨ | ᠵᠢᠱᠢᠶᠡᠴᠢ ᠶᠢᠨ ᠲᠥᠯᠥᠭᠡᠯᠡᠭᠴᠢ ᠪᠣᠯᠣᠨ ᠶᠠᠫᠤᠨ ᠢ ᠡᠰᠡᠷᠭᠦᠴᠡᠬᠦ ᠲᠡᠶᠢᠨ ᠳᠤ ᠦᠷᠡᠭᠳᠡᠭᠰᠡᠨ ᠪᠠᠭᠠᠲᠤᠷᠴᠤᠳ ᠤᠨ ᠲᠥᠷᠥᠯ ᠰᠠᠳᠤᠨ ᠤ ᠲᠥᠯᠥᠭᠡᠯᠡᠭᠴᠢ ᠶᠢ | ᠲᠣᠬᠢᠷᠠᠭᠤᠯᠵᠤ᠂ ᠭᠤᠮᠢᠨᠳᠠᠩ ᠤᠨ ᠶᠠᠫᠤᠨ ᠢ ᠡᠰᠡᠷᠭᠦᠴᠡᠬᠦ ᠲᠡᠶᠢᠨ ᠳᠤ ᠣᠷᠣᠯᠴᠠᠬᠰᠠᠨ ᠠᠬᠠᠮᠠᠳ ᠴᠡᠷᠢᠭ ᠵᠢᠴᠢ ᠳᠤᠮᠳᠠᠳᠤ ᠤᠯᠤᠰ ᠤᠨ ᠶᠠᠫᠤᠨ ᠢ ᠡᠰᠡᠷᠭᠦᠴᠡᠬᠦ | ᠲᠡᠶᠢᠨ ᠤ ᠢᠯᠠᠯᠲᠠ ᠣᠯᠬᠤ ᠳᠤ ᠬᠤᠪᠢ ᠨᠡᠮᠡᠷᠢ ᠦᠵᠡᠭᠦᠯᠦᠭᠰᠡᠨ ᠣᠯᠠᠨ ᠤᠯᠤᠰ ᠤᠨ ᠨᠥᠭᠦᠷᠰᠡᠭ ᠬᠥᠮᠥᠰ ᠪᠤᠶᠤ ᠲᠡᠳᠡᠨ ᠤ ᠭᠡᠷ ᠪᠦᠯᠢ ᠶᠢᠨ ᠲᠥᠯᠥᠭᠡᠯᠡᠭᠴᠢ ᠶᠢ | ᠤᠷᠢᠵᠤ ᠲᠤᠬᠠᠢ ᠶᠢᠨ ᠲᠠᠯᠠᠪᠠᠶ ᠳᠤ ᠶᠣᠰᠣᠯᠠᠯ ᠢ ᠦᠵᠡᠭᠦᠯᠭᠦ ᠪᠣᠯᠣᠨ᠎ᠠ᠃ |