ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠪᠣᠯ ᠰᠢᠨ᠎ᠡ ᠴᠠᠭ ᠦᠶ᠎ᠡ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠡᠭᠦᠷᠭᠡ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠨᠡ | ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ︽ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ︾ ᠲᠤᠬᠠᠢ | ᠴᠢᠬᠤᠯᠠ ᠪᠠᠶᠢᠷᠢᠯᠠᠭᠤᠯᠤᠯᠲᠠ ᠬᠢᠭᠰᠡᠨ ᠨᠢ ᠬᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠤᠯᠠᠮ ᠬᠥᠭᠵᠢᠭᠡᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠳᠤᠯᠢᠭ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ | ᠶᠤᠮ᠃ | ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ᠂ ᠢᠯᠠᠩᠭᠤᠶ᠎ᠠ ᠲᠠᠷᠢᠶᠠᠴᠢᠳ ᠤᠨ ᠣᠷᠣᠯᠭ᠎ᠠ ᠶᠢᠨ ᠦᠷᠭᠦᠯᠵᠢᠯᠡᠨ ᠲᠣᠭᠲᠠᠭᠤᠨ ᠢᠶᠠᠷ | ᠨᠡᠮᠡᠭᠳᠡᠬᠦ ᠶᠢ ᠦᠨᠡᠨ ᠬᠦ ᠪᠠᠲᠤᠯᠠᠬᠤ ᠪᠣᠯ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠵᠠᠩᠭᠢᠯᠠᠭ᠎ᠠ ᠶᠢᠨ ᠭᠠᠷᠳᠠᠴᠠ ᠪᠣᠯᠬᠤ ᠮᠥᠷᠲᠡᠭᠡᠨ ᠪᠠᠰᠠ ᠬᠠᠮᠲᠤ ᠪᠠᠷ | ᠪᠠᠶᠠᠵᠢᠬᠤ ᠶᠢ ᠪᠡᠶᠡᠯᠡᠭᠦᠯᠬᠦ ᠶᠢᠨ ᠴᠢᠬᠤᠯᠠ ᠰᠠᠭᠤᠷᠢ ᠪᠣᠯᠣᠨ᠎ᠠ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠲᠠᠷᠢᠶᠠᠴᠢᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠨᠢ ᠬᠥᠳᠡᠭᠡ ᠲᠣᠰᠬᠤᠨ ᠤ ᠭᠠᠵᠠᠷ ᠣᠷᠣᠨ ᠤ ᠠᠵᠤ ᠠᠬᠤᠢ ᠶᠢᠨ ᠨᠡᠮᠡᠭᠳᠡᠯ ᠢ ᠪᠦᠲᠦᠮᠵᠢᠲᠡᠢ ᠠᠬᠢᠭᠤᠯᠵᠤ᠂ | ᠲᠠᠷᠢᠶᠠᠯᠠᠩ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠠᠵᠦ ᠦᠢᠯᠡᠰ ᠢᠶᠠᠨ ᠬᠥᠭᠵᠢᠭᠦᠯᠬᠦ᠂ ᠰᠢᠶᠠᠨ ᠢᠶᠠᠨ | ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ | ᠠᠬᠢᠭᠤᠯᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃ | ᠲᠠᠷᠢᠶᠠᠴᠢᠳ ᠤᠨ ᠣᠷᠣᠯᠭ᠎ᠠ ᠳᠤ ᠡᠵᠡᠩᠨᠡᠯᠲᠡ ᠶᠢᠨ ᠴᠢᠨᠠᠷᠲᠠᠢ ᠣᠷᠣᠯᠭ᠎ᠠ᠂ ᠴᠠᠯᠢᠩ ᠤᠨ ᠴᠢᠨᠠᠷᠲᠠᠢ ᠣᠷᠣᠯᠭ᠎ᠠ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ | ᠪᠠ ᠰᠢᠯᠵᠢᠯᠳᠠ ᠶᠢᠨ ᠴᠢᠨᠠᠷᠲᠠᠢ ᠣᠷᠣᠯᠭ᠎ᠠ ᠪᠠᠭᠲᠠᠨ᠎ᠠ᠃ ᠡᠭᠦᠨ ᠳᠤ ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠣᠯᠣᠨ ᠴᠠᠯᠢᠩ ᠤᠨ ᠴᠢᠨᠠᠷᠲᠠᠢ ᠣᠷᠣᠯᠭ᠎ᠠ ᠪᠣᠯ | ᠣᠳᠣᠬᠠᠨ ᠤ ᠲᠠᠷᠢᠶᠠᠴᠢᠳ ᠤᠨ ᠣᠷᠣᠯᠭ᠎ᠠ ᠶᠢᠨ ᠭᠤᠣᠯ ᠢᠷᠡᠯᠲᠡ ᠪᠣᠯᠣᠨ᠎ᠠ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠨᠢ ᠲᠠᠷᠢᠶᠠᠴᠢᠳ ᠤᠨ ᠣᠷᠣᠯᠭ᠎ᠠ ᠳᠤ | ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠵᠦ᠂ ᠰᠢᠯᠵᠢᠯᠲᠡ ᠶᠢᠨ ᠴᠢᠨᠠᠷᠲᠠᠢ ᠣᠷᠣᠯᠭ᠎ᠠ ᠪᠣᠯ ᠲᠠᠷᠢᠶᠠᠴᠢᠳ ᠤᠨ ᠣᠷᠣᠯᠭ᠎ᠠ ᠶᠢᠨ ᠴᠢᠬᠤᠯᠠ ᠨᠥᠬᠦᠪᠦᠷᠢ | ᠪᠣᠯᠣᠨ᠎ᠠ᠃ 2024 ᠣᠨ ᠳᠤ ᠪᠥᠬᠦ ᠤᠯᠤᠰ ᠤᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 231119 ᠲᠥᠭᠦᠷᠢᠭ ᠲᠤ ᠬᠥᠷᠪᠡ᠃ ᠣᠷᠣᠯᠭ᠎ᠠ ᠶᠢᠨ ᠢᠷᠡᠯᠲᠡ ᠠᠴᠠ ᠦᠵᠡᠪᠡᠯ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠴᠠᠯᠢᠩ ᠤᠨ ᠴᠢᠨᠠᠷᠲᠠᠢ ᠣᠷᠣᠯᠭ᠎ᠠ 9799 ᠲᠥᠭᠦᠷᠢᠭ ᠪᠠᠶᠢᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ 42.39% ᠶᠢ ᠡᠵᠡᠯᠡᠵᠦ ᠪᠠᠶᠢᠨ᠎ᠠ︔ ᠬᠥᠮᠥᠨ ᠳᠤᠮᠳᠠᠴᠢ ᠶᠢᠨ ᠡᠵᠡᠩᠨᠡᠯᠲᠡ ᠶᠢᠨ ᠴᠡᠪᠡᠷ ᠣᠷᠣᠯᠭ᠎ᠠ 7845 ᠲᠥᠭᠦᠷᠢᠭ ᠲᠤ ᠬᠦᠷᠴᠦ᠂ 33. | 93% ᠶᠢ ᠡᠵᠡᠯᠡᠪᠡ︔ ᠬᠥᠮᠥᠨ ᠳᠤᠮᠳᠠᠴᠢ ᠶᠢᠨ ᠰᠢᠯᠵᠢᠯᠳᠠ ᠶᠢᠨ ᠴᠡᠪᠡᠷ ᠣᠷᠣᠯᠭ᠎ᠠ 4895 ᠲᠥᠭᠦᠷᠢᠭ ᠲᠤ ᠬᠦᠷᠴᠦ᠂ 21.17% ᠶᠢ ᠡᠵᠡᠯᠡᠪᠡ︔ ᠬᠥᠮᠥᠨ | ᠳᠤᠮᠳᠠᠴᠢ ᠶᠢᠨ ᠡᠳ᠋ ᠬᠥᠷᠥᠩᠭᠡ ᠶᠢᠨ ᠴᠡᠪᠡᠷ ᠣᠷᠣᠯᠭ᠎ᠠ 580 ᠲᠥᠭᠦᠷᠢᠭ ᠲᠤ ᠬᠦᠷᠴᠦ᠂ 2.51% ᠶᠢ ᠡᠵᠡᠯᠡᠪᠡ᠃ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠳᠤ ᠡᠳᠡᠭᠡᠷ ᠠᠳᠠᠯᠢ ᠪᠤᠰᠤ ᠣᠷᠣᠯᠭ᠎ᠠ ᠶᠢᠨ ᠢᠷᠡᠯᠲᠡ ᠶᠢᠨ ᠣᠳᠣᠬᠢ ᠪᠠᠶᠢᠳᠠᠯ ᠵᠢᠴᠢ ᠲᠡᠭᠦᠨ ᠤ ᠬᠥᠭᠵᠢᠯᠲᠡ ᠶᠢᠨ ᠲᠠᠯᠳᠠ | ᠬᠦᠴᠦᠨ ᠢ ᠭᠦᠨᠵᠡᠭᠡᠢ ᠰᠤᠳᠤᠯᠵᠤ᠂ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠦᠷᠭᠦᠯᠵᠢᠯᠡᠨ | ᠠᠬᠢᠭᠤᠯᠬᠤ ᠴᠢᠬᠤᠯᠠᠲᠠᠢ᠃ | ᠣᠳᠣᠬᠠᠨ ᠳᠤ ᠮᠠᠨ ᠤ ᠤᠯᠤᠰ ᠤᠨ ᠲᠠᠷᠢᠶᠠᠴᠢᠳ ᠤᠨ ᠣᠷᠣᠯᠭ᠎ᠠ ᠨᠡᠮᠡᠭᠳᠡᠬᠦ ᠬᠠᠨᠳᠤᠰᠢ ᠢᠯᠡᠷᠡᠵᠦ᠂ 2024 ᠣᠨ ᠤ ᠬᠥᠳᠡᠭᠡ ᠲᠣᠰᠬᠤᠨ ᠤ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6.3% ᠪᠠᠷ ᠪᠣᠳᠠᠲᠠᠢ ᠨᠡᠮᠡᠭᠳᠡᠵᠦ᠂ ᠣᠷᠣᠯᠭ᠎ᠠ ᠶᠢᠨ | ᠲᠦᠪᠰᠢᠨ ᠵᠠᠯᠭᠠᠭ᠎ᠠ ᠪᠠᠷ ᠰᠢᠨ᠎ᠡ ᠳᠡᠭᠲᠡᠷ ᠲᠤ ᠭᠠᠷᠴᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠦᠷᠭᠦᠯᠵᠢᠯᠡᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠢ ᠠᠴᠠ ᠥᠨᠳᠥᠷ ᠪᠣᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢᠨ ᠬᠠᠷᠢᠴᠠᠯ 2.34᠄ 1 ᠪᠣᠯᠲᠠᠯ᠎ᠠ ᠪᠠᠭᠠᠰᠴᠤ᠂ ᠠᠳᠠᠯᠢ ᠪᠤᠰᠤ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠤᠭᠤᠷᠣᠨᠳᠣᠬᠢ | ᠣᠷᠣᠯᠭ᠎ᠠ ᠶᠢᠨ ᠵᠥᠷᠢᠶ᠎ᠡ ᠴᠦ ᠠᠯᠬᠤᠮ ᠠᠯᠬᠤᠮ ᠢᠶᠠᠷ ᠪᠠᠭᠠᠰᠴᠤ ᠪᠠᠶᠢᠨ᠎ᠠ᠃ ᠡᠭᠦᠨ ᠤ ᠬᠠᠮᠲᠤ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠤᠯᠠᠮ | ᠠᠬᠢᠭᠤᠯᠬᠤ ᠳᠤ ᠪᠠᠰᠠ ᠮᠠᠰᠢ ᠤᠯᠠᠨ ᠰᠢᠯᠭᠠᠯᠲᠠ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ | ᠦᠷ᠎ᠡ ᠠᠰᠢᠭ ᠪᠠᠰᠠ ᠲᠡᠶᠢᠮᠦ ᠥᠨᠳᠥᠷ ᠪᠢᠰᠢ᠂ ᠢᠯᠠᠩᠭᠤᠶ᠎ᠠ ᠠᠮᠤ ᠪᠤᠳᠠᠭᠠᠨ ᠤ ᠦᠢᠯᠡᠳᠪᠦᠷᠢᠯᠡᠯ ᠤᠨ ᠠᠰᠢᠭ ᠣᠯᠵᠠᠪᠤᠷᠢ ᠶᠡᠷᠦᠩᠬᠡᠢ ᠳᠡᠭᠡᠨ ᠳᠣᠣᠷ᠎ᠠ ᠪᠠᠶᠢᠵᠤ᠂ | ᠬᠥᠳᠡᠭᠡ ᠲᠣᠰᠬᠤᠨ ᠤ ᠠᠵᠤ ᠦᠢᠯᠡᠰ ᠬᠠᠷᠢᠴᠠᠩᠭᠤᠢ ᠳᠠᠩ ᠴᠤᠯᠭᠤᠢ᠂ ᠣᠨᠴᠠᠯᠢᠭᠲᠤ ᠠᠵᠤ ᠦᠢᠯᠡᠰ ᠤᠨ ᠠᠳᠠᠯᠢᠪᠳᠣᠷ ᠥᠷᠢᠰᠦᠯᠳᠦᠭᠡᠨ ᠬᠦᠨᠳᠦ ᠨᠣᠴᠢᠲᠠᠢ | ᠣᠷᠣᠰᠢᠵᠦ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠳᠡᠰ ᠳᠠᠪᠬᠤᠷᠭ᠎ᠠ ᠨᠡᠯᠢᠶᠡᠳ ᠳᠣᠣᠷ᠎ᠠ᠂ ᠲᠠᠷᠢᠶᠠᠴᠢᠳ ᠤᠨ ᠡᠵᠡᠩᠨᠡᠯᠲᠡ ᠶᠢᠨ | ᠴᠢᠨᠠᠷᠲᠠᠢ ᠣᠷᠣᠯᠭ᠎ᠠ ᠶᠢᠨ ᠨᠡᠮᠡᠭᠳᠡᠯ ᠤᠨ ᠣᠷᠣᠨ ᠵᠠᠢ ᠬᠢᠵᠠᠭᠠᠷᠯᠠᠭᠳᠠᠵᠤ ᠪᠠᠶᠢᠨ᠎ᠠ᠃ ᠲᠠᠷᠢᠶᠠᠴᠢᠳ ᠤᠨ ᠭᠠᠳᠠᠭᠰᠢ ᠭᠠᠷᠴᠤ ᠬᠦᠴᠦ ᠶᠠᠪᠤᠬᠤ ᠶᠢᠨ ᠲᠣᠭᠲᠠᠪᠤᠷᠢᠲᠤ | ᠴᠢᠨᠠᠷ ᠨᠡᠯᠢᠶᠡᠳ ᠳᠣᠣᠷ᠎ᠠ᠂ ᠠᠵᠢᠯ ᠣᠯᠬᠤ ᠶᠠᠰᠤ ᠴᠢᠨᠠᠷ ᠳᠣᠣᠷ᠎ᠠ᠂ ᠬᠠᠮᠢᠶ᠎ᠠ ᠪᠦᠬᠦᠢ ᠡᠷᠬᠢᠯᠡᠭᠰᠡᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠪᠣᠯᠣᠨ | ᠠᠵᠢᠯ ᠣᠯᠬᠤ ᠮᠡᠳᠡᠭᠡ ᠵᠠᠩᠭᠢ ᠶᠢᠨ ᠦᠢᠯᠡᠴᠢᠯᠡᠭᠡᠨ ᠬᠦᠷᠦᠯᠴᠡᠬᠦ ᠦᠭᠡᠢ ᠠᠴᠠ ᠪᠣᠯᠵᠤ ᠲᠠᠷᠢᠶᠠᠴᠢᠳ ᠤᠨ ᠲᠠᠷᠢᠶᠠᠯᠠᠩ ᠤᠨ ᠪᠤᠰᠤ ᠠᠵᠢᠯ ᠣᠯᠬᠤ ᠴᠢᠳᠠᠪᠤᠷᠢ ᠪᠣᠯᠣᠨ | ᠠᠳᠠᠯ ᠦᠢᠯᠡᠰ ᠪᠣᠰᠬᠠᠬᠤ ᠴᠢᠳᠠᠪᠤᠷᠢ ᠪᠠᠭᠤᠷᠠᠢ ᠪᠠᠶᠢᠵᠤ᠂ ᠲᠠᠷᠢᠶᠠᠴᠢᠳ ᠤᠨ ᠴᠠᠯᠢᠩ ᠤᠨ ᠴᠢᠨᠠᠷᠲᠠᠢ ᠣᠷᠣᠯᠭ᠎ᠠ ᠶᠢᠨ ᠨᠡᠮᠡᠭᠳᠡᠯ ᠳᠤ ᠠᠰᠢᠭ ᠦᠭᠡᠢ ᠪᠠᠶᠢᠨ᠎ᠠ᠃ | ᠬᠥᠳᠡᠭᠡ ᠲᠣᠰᠬᠤᠨ ᠤ ᠭᠠᠵᠠᠷ ᠣᠷᠣᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠬᠠᠷᠢᠴᠠᠩᠭᠤᠢ ᠪᠠᠷ ᠬᠤᠴᠣᠷᠴᠤ᠂ ᠬᠥᠳᠡᠭᠡ | ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠬᠦ ᠴᠢᠬᠤᠯᠠᠲᠠᠢ ᠪᠠᠶᠢᠵᠤ᠂ ᠬᠡᠰᠡᠭ ᠭᠠᠵᠠᠷ ᠰᠢᠷᠣᠢ ᠵᠡᠷᠭᠡ ᠡᠬᠢ | ᠪᠠᠶᠠᠯᠢᠭ ᠤᠨ ᠡᠯᠧᠮᠧᠨ᠋ᠲ ᠢ ᠬᠠᠷᠠᠬᠠᠨ ᠪᠦᠲᠦᠮᠵᠢᠲᠡᠢ ᠠᠮᠢᠳᠤᠯᠢᠭ ᠪᠣᠯᠭᠠᠵᠤ ᠴᠢᠳᠠᠭᠠᠳᠤᠢ ᠪᠠᠶᠢᠵᠤ᠂ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠨᠢ ᠬᠦᠴᠦᠨ ᠮᠡᠬᠦᠰᠳᠡᠵᠦ᠂ ᠲᠠᠷᠢᠶᠠᠴᠢᠳ ᠭᠦᠢᠴᠡᠳ ᠡᠳ᠋ ᠬᠥᠷᠥᠩᠭᠡ ᠶᠢᠨ | ᠡᠷᠬᠡ ᠠᠰᠢᠭ ᠣᠯᠬᠤ ᠳᠤ ᠪᠡᠷᠬᠡᠲᠡᠢ ᠪᠠᠶᠢᠨ᠎ᠠ᠃ ᠲᠠᠷᠢᠶᠠᠯᠠᠩ ᠢ ᠲᠡᠮᠵᠢᠵᠦ ᠬᠠᠮᠠᠭᠠᠯᠠᠬᠤ ᠳᠦᠷᠢᠮ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠭᠴᠢᠳ ᠲᠤ ᠨᠥᠬᠦᠪᠦᠷᠢ ᠥᠭᠬᠦ ᠳᠦᠷᠢᠮ ᠪᠠᠰᠠ ᠲᠡᠭᠦᠯᠳᠡᠷᠵᠢᠭᠡᠳᠦᠢ ᠪᠠᠶᠢᠵᠤ᠂ ᠲᠠᠷᠢᠶᠠᠴᠢᠳ ᠤᠨ ᠰᠢᠯᠵᠢᠯᠲᠡ ᠶᠢᠨ ᠴᠢᠨᠠᠷᠲᠠᠢ ᠣᠷᠣᠯᠭ᠎ᠠ ᠶᠢᠨ | ᠨᠡᠮᠡᠭᠳᠡᠯ ᠢ ᠨᠥᠯᠥᠭᠡᠯᠡᠵᠦ ᠪᠠᠶᠢᠨ᠎ᠠ᠃ | ᠡᠳᠡᠭᠡᠷ ᠪᠣᠳᠠᠲᠤ ᠠᠰᠠᠭᠤᠳᠠᠯ ᠢ ᠰᠶᠢᠳᠪᠦᠷᠢᠯᠡᠬᠦ ᠶᠢᠨ ᠲᠥᠯᠥᠭᠡ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠪᠦᠷᠢᠨᠰᠢᠭᠦᠯᠦᠨ᠂ ᠲᠠᠷᠢᠶᠠᠴᠢᠳ ᠤᠨ ᠣᠷᠣᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠣᠯᠣᠨ ᠴᠠᠯᠢᠩ ᠤᠨ ᠴᠢᠨᠠᠷᠲᠠᠢ | ᠣᠷᠣᠯᠭ᠎ᠠ ᠶᠢᠨ ᠨᠡᠮᠡᠭᠳᠡᠯ ᠤᠨ ᠬᠠᠨᠳᠤᠰᠢ ᠶᠢ ᠲᠣᠭᠲᠠᠪᠤᠷᠢᠵᠢᠭᠤᠯᠤᠭᠰᠠᠨ ᠤ ᠰᠠᠭᠤᠷᠢᠨ ᠳᠡᠭᠡᠷ᠎ᠡ᠂ ᠲᠠᠷᠢᠶᠠᠴᠢᠳ ᠤᠨ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ | ᠨᠡᠮᠡᠭᠳᠡᠭᠦᠯᠬᠦ ᠳᠤ ᠠᠰᠢᠭᠲᠠᠢ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠴᠢᠭ ᠢ ᠣᠨᠣᠪᠴᠢᠲᠠᠶ ᠣᠯᠵᠤ᠂ ᠲᠠᠷᠢᠶᠠᠴᠢᠳ ᠤᠨ ᠰᠢᠯᠵᠢᠯᠲᠡ ᠶᠢᠨ ᠴᠢᠨᠠᠷᠲᠠᠢ | ᠣᠷᠣᠯᠭ᠎ᠠ ᠶᠢ ᠦᠨᠡᠨ ᠬᠦ ᠪᠠᠲᠤᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳ᠋ᠦᠨᠢ ᠬᠡᠷᠡᠭᠯᠡᠨ ᠲᠠᠷᠢᠶᠠᠴᠢᠳ ᠤᠨ ᠣᠷᠣᠯᠭ᠎ᠠ ᠶᠢᠨ ᠦᠷᠭᠦᠯᠵᠢᠯᠡᠨ ᠨᠡᠯᠢᠶᠡᠳ | ᠲᠦᠷᠭᠡᠨ ᠨᠡᠮᠡᠭᠳᠡᠬᠦ ᠶᠢ ᠠᠬᠢᠭᠤᠯᠬᠤ ᠬᠡᠷᠡᠭᠲᠡᠢ᠃ | ᠨᠢᠭᠡ ᠳᠤ᠂ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠬᠡᠷᠡᠭᠳᠡᠢ᠃ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ | ᠠᠬᠢᠭᠤᠯᠬᠤ ᠶᠢᠨ ᠵᠠᠩᠭᠢᠯᠠᠭ᠎ᠠ ᠨᠢ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ ᠳᠤ ᠪᠤᠢ᠃ ᠬᠥᠳᠡᠭᠡ ᠲᠣᠰᠬᠤᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠰᠢᠯᠢᠳᠡᠭᠵᠢᠭᠦᠯᠵᠦ᠂ ᠴᠢᠨᠠᠷ | ᠰᠠᠶᠢᠲᠠᠢ ᠠᠮᠤ ᠪᠤᠳᠠᠭᠠᠨ ᠤ ᠠᠵᠤ ᠦᠢᠯᠡᠰ᠂ ᠮᠠᠯ ᠠᠵᠤ ᠠᠬᠤᠢ ᠶᠢᠨ ᠠᠵᠤ ᠦᠢᠯᠡᠰ ᠵᠡᠷᠭᠡ ᠲᠤᠯᠭᠠᠭᠤᠷᠢ ᠠᠵᠤ ᠦᠢᠯᠡᠰ ᠢ ᠴᠢᠩᠭᠠᠳᠬᠠᠵᠤ᠂ ᠬᠥᠳᠡᠭᠡ | ᠲᠣᠰᠬᠤᠨ ᠤ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠬᠤᠯᠠᠲᠠᠢ᠃ ᠬᠦᠳᠡᠭᠡ ᠠᠵᠦ ᠠᠬᠤᠢ | ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠢ ᠠᠭᠤᠳᠠᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ᠂ ᠤᠯᠤᠰ᠂ ᠮᠤᠵᠢ᠂ ᠬᠤᠲᠠ᠂ | ᠰᠢᠶᠠᠨ᠂ ᠪᠠᠯᠭᠠᠰᠤ᠂ ᠲᠣᠰᠬᠤᠨ ᠵᠢᠷᠭᠤᠭᠠᠨ ᠱᠠᠲᠤ ᠬᠠᠮᠲᠤᠷᠠᠨ ᠬᠥᠳᠡᠯᠦᠯᠴᠡᠭᠰᠡᠨ ᠣᠨᠴᠠᠯᠢᠭᠲᠤ ᠠᠵᠤ ᠦᠢᠯᠡᠰ ᠤᠨ ᠲᠠᠪᠴᠠᠩ ᠤᠨ ᠰᠢᠰᠲ᠋ᠧᠮ ᠢ ᠴᠣᠭᠴᠠᠯᠠᠨ | ᠪᠠᠶᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ ᠤᠨ ᠪᠥᠭᠡᠮᠨᠡᠷᠡᠯ ᠢ ᠬᠦᠴᠦᠯᠡᠨ ᠪᠦᠲᠦᠭᠡᠨ ᠪᠠᠶᠢᠭᠤᠯᠵᠤ᠂ ᠲᠠᠷᠢᠶᠠᠯᠠᠩ ᠤᠨ | ᠪᠦᠲᠦᠭᠡᠭᠳᠡᠬᠦᠨ ᠤ ᠭᠠᠷᠤᠯᠲᠠ ᠶᠢᠨ ᠣᠷᠣᠨ᠂ ᠲᠥᠪᠯᠡᠷᠡᠭᠦᠯᠵᠦ ᠲᠠᠷᠬᠠᠭᠠᠬᠤ ᠣᠷᠣᠨ᠂ ᠪᠣᠷᠣᠯᠠᠭᠤᠯᠬᠤ ᠣᠷᠣᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠬᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ ᠭᠦᠢᠯᠭᠡᠭᠡᠨ ᠤ ᠭᠤᠣᠯᠯᠠᠭᠴᠢ | ᠲᠣᠣᠷ ᠰᠦᠯᠵᠢᠶ᠎ᠡ ᠪᠠ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠠᠵᠤ | ᠦᠢᠯᠡᠰᠵᠢᠭᠰᠡᠨ ᠬᠤᠯᠪᠣᠭᠠᠲᠤ ᠴᠣᠭᠴᠠ ᠶᠢ ᠪᠠᠶᠢᠭᠤᠯᠵᠤ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠲᠠᠷᠢᠶᠠᠯᠠᠩ ᠬᠢᠭᠡᠳ ᠵᠢᠭᠤᠯᠴᠢᠯᠠᠯ ᠤᠨ ᠦᠢᠯᠡᠰ᠂ ᠰᠣᠶᠣᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ︽ᠲᠠᠷᠢᠶᠠᠯᠠᠩ + | ︾ ᠰᠤᠷᠭᠠᠨ ᠬᠥᠮᠦᠵᠢᠯ᠂ ᠰᠣᠶᠣᠯ᠂ ᠰᠡᠯᠡᠭᠦᠴᠡᠯ᠂ ᠵᠢᠭᠤᠯᠴᠢᠯᠠᠯ᠂ ᠡᠷᠡᠭᠦᠯᠵᠢᠯ ᠰᠤᠪᠢᠯᠠᠯᠲᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠭᠤᠰᠤᠯᠴᠠᠭᠰᠠᠨ | ᠡᠵᠡᠩᠨᠡᠯᠲᠡ ᠶᠢᠨ ᠪᠠᠶᠢᠳᠠᠯ ᠢ ᠬᠥᠭᠵᠢᠭᠦᠯᠦᠨ᠂ ᠬᠥᠳᠡᠭᠡ ᠲᠣᠰᠬᠤᠨ ᠤ ᠰᠤᠯᠠ ᠬᠠᠶᠠᠭᠳᠠᠵᠤ ᠪᠠᠶᠢᠭ᠎ᠠ ᠡᠬᠢ ᠪᠠᠶᠠᠯᠢᠭ ᠢ ᠠᠮᠢᠯᠠᠭᠤᠯᠵᠤ᠂ ᠠᠵᠤ ᠦᠢᠯᠡᠰ ᠤᠨ | ᠠᠭᠤᠰᠤᠯᠴᠠᠨ ᠬᠥᠭᠵᠢᠬᠦ ᠠᠰᠢᠭ ᠲᠤᠰᠠ ᠶᠢᠨ ᠬᠤᠯᠪᠣᠭᠠᠲᠤ ᠲᠣᠭᠲᠠᠴᠠ ᠶᠢ ᠪᠦᠷᠢᠨᠰᠢᠭᠦᠯᠦᠨ᠎ᠡ᠃ | ᠬᠤᠶᠠᠷ ᠲᠤ᠂ ᠲᠠᠷᠢᠶᠠᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠳᠡᠢ᠃ ᠲᠠᠷᠢᠶᠠᠴᠢᠳ ᠤᠨ ᠠᠵᠢᠯ ᠣᠯᠵᠤ | ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠪᠠᠨ ᠴᠢᠩᠭᠠᠳᠬᠠᠵᠤ᠂ ᠬᠤᠳᠠ ᠬᠥᠳᠡᠭᠡ ᠶᠢᠨ ᠬᠥᠮᠥᠨ ᠠᠮᠠ ᠶᠢᠨ ᠰᠢᠯᠵᠢᠯᠲᠡ ᠶᠢᠨ ᠠᠷᠭ᠎ᠠ ᠵᠠᠮ ᠢ ᠰᠠᠭᠠᠳ | ᠦᠭᠡᠢ ᠨᠠᠪᠲᠠᠷᠡᠭᠦᠯᠵᠦ᠂ ᠬᠤᠳᠠ ᠳᠤ ᠡᠷᠦᠬᠡ ᠠᠮᠠ ᠣᠷᠣᠭᠤᠯᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠠᠷᠢᠶᠠᠯᠠᠩ ᠠᠴᠠ ᠰᠢᠯᠵᠢᠭᠰᠡᠨ ᠬᠥᠮᠥᠨ | ᠠᠮᠠ ᠶᠢᠨ ᠬᠤᠳᠠ ᠪᠠᠯᠭᠠᠰᠤᠨ ᠳᠤ ᠲᠣᠭᠲᠠᠪᠤᠷᠢᠲᠠᠢ ᠠᠵᠢᠯ ᠣᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ | ᠶᠡᠭᠡ ᠪᠠᠷ ᠬᠥᠭᠵᠢᠭᠦᠯᠦᠨ᠎ᠡ᠃ ᠠᠵᠤ ᠦᠢᠯᠡᠳᠪᠦᠷᠢ ᠬᠤᠳᠠᠯᠳᠤᠭ᠎ᠠ ᠶᠢᠨ ᠬᠥᠷᠥᠩᠭᠡ ᠶᠢ ᠬᠥᠳᠡᠭᠡ ᠪᠠᠭᠤᠯᠭᠠᠬᠤ ᠶᠢ ᠬᠠᠤᠯᠢ ᠶᠣᠰᠣᠭᠠᠷ ᠬᠥᠲᠥᠯᠥᠨ ᠵᠢᠯᠤᠭᠤᠳᠬᠤ ᠪᠠ | ᠵᠢᠷᠤᠮᠵᠢᠭᠤᠯᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠭᠤᠣᠯ ᠴᠣᠭᠴᠠ ᠶᠢ ᠪᠤᠶᠢᠵᠢᠭᠤᠯᠤᠨ᠂ ᠨᠤᠲᠤᠭ ᠲᠠᠭᠠᠨ ᠪᠤᠴᠠᠭᠰᠠᠨ | ᠲᠠᠷᠢᠶᠠᠴᠢᠳ ᠤᠨ ᠠᠳᠠᠯ ᠦᠢᠯᠡᠰ ᠴᠣᠭᠴᠠᠯᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠬᠦᠷᠢᠶ᠎ᠡ ᠬᠠᠰᠢᠶᠠᠨ ᠤ ᠠᠵᠤ ᠠᠬᠤᠢ᠂ ᠣᠶ ᠲᠤᠳᠤᠷᠠᠬᠢ ᠠᠵᠤ ᠠᠬᠤᠢ᠂ ᠠᠷᠠᠳ ᠤᠨ ᠰᠠᠭᠤᠴᠠ ᠶᠢᠨ ᠠᠵᠤ ᠠᠬᠤᠢ ᠵᠡᠷᠭᠡ ᠶᠢ | ᠬᠥᠭᠵᠢᠭᠦᠯᠬᠦ ᠬᠡᠷᠡᠭᠲᠡᠢ᠃ ᠬᠦᠳᠡᠭᠡ ᠠᠵᠦ ᠠᠬᠤᠢ ᠬᠥᠳᠡᠭᠡ ᠲᠣᠰᠬᠤᠨ ᠤ ᠲᠤᠬᠠᠢ ᠶᠢᠨ ᠭᠠᠵᠠᠷ ᠣᠶᠢᠷ᠎ᠠ ᠬᠠᠪᠢ ᠳᠤᠨᠢ ᠠᠵᠢᠯ ᠣᠯᠭᠤᠬᠤ ᠳᠠᠯᠳᠠ ᠬᠦᠴᠦᠨ ᠢ | ᠳᠡᠭᠡᠭᠰᠢᠯᠡᠭᠦᠯᠵᠦ᠂ ᠲᠦᠷ ᠴᠠᠭ ᠤᠨ ᠴᠢᠨᠠᠷᠲᠠᠢ᠂ ᠤᠯᠠᠷᠢᠯ ᠤᠨ ᠴᠢᠨᠠᠷᠲᠠᠢ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠵᠦ᠂ ᠰᠢᠨ᠎ᠡ ᠨᠢᠭᠡ ᠦᠶ᠎ᠡ ᠶᠢᠨ ᠬᠥᠯᠥᠰᠦᠨ | ᠠᠵᠢᠯᠴᠢᠨ ᠤ ᠰᠢᠨ᠎ᠡ ᠠᠵᠤ ᠦᠢᠯᠡᠰ ᠲᠤ ᠠᠵᠢᠯ ᠣᠯᠬᠤ ᠶᠢ ᠵᠣᠷᠢᠭᠵᠢᠭᠤᠯᠤᠨ᠎ᠠ᠃ ᠲᠣᠮᠣ ᠳ᠋ᠠᠶᠢᠲ᠋ᠠ᠂ ᠢᠨᠲ᠋ᠧᠷ ᠰᠦᠯᠵᠢᠶ᠎ᠡ ᠵᠡᠷᠭᠡ ᠣᠲᠣ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ᠂ ᠥᠪᠡᠷᠮᠢᠴᠡ ᠣᠨᠴᠠᠯᠢᠭ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠯᠲᠡ ᠶᠢ ᠠᠰᠢᠭᠯᠠᠨ᠂ ᠬᠥᠳᠡᠭᠡ ᠲᠣᠰᠬᠤᠨ ᠤ ᠡᠯᠧᠺᠳ᠋ᠷᠣᠨ | ᠬᠤᠳᠠᠯᠳᠤᠭ᠎ᠠ᠂ ᠣᠬᠤᠷ ᠸᠢᠳᠢᠤ᠋ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠵᠠᠬᠢᠶᠠᠯᠠᠭ᠎ᠠ ᠶᠢᠨ ᠲᠠᠷᠢᠶᠠᠯᠠᠩ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠬᠥᠭᠵᠢᠭᠦᠯᠵᠦ᠂ ᠠᠵᠢᠯ ᠦᠢᠯᠡᠰ ᠬᠠᠪᠰᠤᠷᠭᠠᠭᠰᠠᠨ ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠢᠷᠡᠯᠲᠡ ᠶᠢ ᠥᠷᠭᠡᠳᠬᠡᠨ᠎ᠡ᠃ | ᠭᠤᠷᠪᠠ ᠳᠤ᠂ ᠲᠠᠷᠢᠶᠠᠴᠢᠨ ᠪᠣᠯᠣᠨ ᠭᠠᠵᠠᠷ ᠰᠢᠷᠣᠢ ᠶᠢᠨ ᠬᠠᠷᠢᠴᠠᠭ᠎ᠠ ᠶᠢ ᠰᠠᠶᠢᠲᠤᠷ ᠰᠶᠢᠳᠪᠦᠷᠢᠯᠡᠬᠦ ᠬᠡᠷᠡᠭᠲᠡᠢ᠃ ᠰᠢᠨ᠎ᠡ ᠪᠠᠶᠢᠳᠠᠯ ᠤᠨ ᠳᠣᠣᠷ᠎ᠠ ᠬᠥᠳᠡᠭᠡ | ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠭᠤᠣᠯ ᠰᠢᠵᠢᠮ ᠪᠣᠯ ᠮᠥᠨ ᠯᠡ ᠲᠠᠷᠢᠶᠠᠴᠢᠨ ᠪᠣᠯᠣᠨ ᠭᠠᠵᠠᠷ ᠰᠢᠷᠣᠢ ᠶᠢᠨ ᠬᠠᠷᠢᠴᠠᠭ᠎ᠠ ᠶᠢ ᠰᠠᠶᠢᠲᠤᠷ | ᠰᠶᠢᠳᠪᠦᠷᠢᠯᠡᠬᠦ ᠶᠠᠪᠤᠳᠠᠯ ᠪᠣᠯᠣᠨ᠎ᠠ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠡᠭᠡᠷ᠎ᠡ ᠬᠦᠴᠦ ᠲᠠᠯᠪᠢᠵᠤ | ᠂ ᠲᠠᠷᠢᠶᠠᠴᠢᠳ ᠲᠤ ᠨᠠᠩ ᠭᠦᠢᠴᠡᠳ ᠡᠳ᠋ ᠬᠥᠷᠥᠩᠭᠡ ᠶᠢᠨ ᠡᠷᠬᠡ ᠣᠯᠭᠤᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠠᠰᠢᠭ | ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠡᠷᠡᠲᠦ ᠲᠠᠷᠢᠶᠠᠯᠠᠩ᠂ ᠬᠤᠪᠢ ᠣᠷᠣᠭᠤᠯᠵᠤ ᠬᠤᠷᠰᠢᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠲᠠᠷᠢᠶᠠᠴᠢᠳ ᠢ ᠠᠵᠤ ᠦᠢᠯᠡᠰ ᠤᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠳᠤ ᠣᠷᠣᠯᠴᠠᠭᠤᠯᠬᠤ ᠴᠢᠬᠤᠯᠠᠲᠠᠢ᠃ | ᠡᠭᠦᠨ ᠤ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ ᠪᠠ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠤᠯᠠᠮ | ᠪᠦᠷᠢᠨᠰᠢᠭᠦᠯᠵᠦ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠭᠠᠵᠠᠷ ᠰᠢᠷᠣᠢ | ᠳᠠᠭᠠᠭᠠᠴᠢᠯᠠᠨ ᠡᠵᠡᠩᠨᠡᠬᠦ ᠡᠷᠬᠡ᠂ ᠬᠠᠮᠲᠤ ᠶᠢᠨ ᠣᠶ ᠰᠢᠭᠤᠢ ᠶᠢᠨ ᠡᠷᠬᠡ᠂ ᠤᠰᠤᠨ ᠤ ᠡᠷᠬᠡ ᠵᠡᠷᠭᠡ ᠵᠠᠬ᠎ᠠ ᠳᠡᠯᠭᠡᠭᠦᠷ ᠤᠨ ᠠᠷᠠᠯᠵᠢᠶᠠᠯᠠᠬᠤ ᠵᠠᠭᠪᠤᠷ ᠢ | ᠰᠦᠪᠡᠭᠴᠢᠯᠡᠨ᠎ᠡ᠃ | ᠳᠥᠷᠪᠡ ᠳᠤ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠨᠢᠭᠡᠨᠲᠡ 2025 ᠣᠨ ᠤ ᠲᠥᠪ ᠤᠨ ᠡᠳ᠋ ᠤᠨ ᠵᠠᠰᠠᠭ ᠤᠨ | ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ | ᠨᠡᠶᠢᠲᠡᠯᠡᠪᠡ᠂ ᠨᠠᠷᠢᠨ ᠲᠠᠩᠰᠠ ᠳᠤ ᠲᠥᠪ ᠤᠨ ᠡᠳ᠋ ᠤᠨ ᠵᠠᠰᠠᠭ ᠠᠴᠠ ᠲᠤᠭᠳᠠᠭᠤᠨ ᠢᠶᠠᠷ ᠭᠡᠷᠡᠭᠵᠢᠬᠦᠯᠵᠦ᠂ ᠬᠥᠮᠥᠨ ᠳᠤ ᠦᠭᠬᠦ ᠨᠦᠬᠦᠪᠦᠷᠢ ᠪᠡ ᠡᠷᠦᠬᠡ ᠳᠤ ᠥᠭᠬᠦ | ᠨᠦᠬᠦᠪᠦᠷᠢ 9 ᠵᠦᠢᠯ ᠤᠨ ᠲᠥᠷᠥ ᠶᠢᠨ ᠪᠣᠳᠣᠯᠭ᠎ᠠ ᠶᠢ ᠪᠠᠭᠳᠠᠭᠠᠵᠠᠢ᠂ ᠲᠠᠷᠠᠭᠠᠴᠢ ᠶᠢᠨ ᠠᠯᠬᠤᠮ ᠳᠤ ᠨᠥᠬᠦᠪᠦᠷᠢ ᠥᠭᠬᠦ ᠬᠡᠪᠴᠢᠶ᠎ᠡ᠂ ᠳᠡᠮᠵᠢᠬᠦ ᠡᠲᠡᠭᠡᠳ ᠪᠠ | ᠨᠥᠬᠦᠪᠦᠷᠢ ᠥᠭᠬᠦ ᠪᠠᠷᠢᠮᠵᠢᠶ᠎ᠠ ᠶᠢ ᠨᠠᠷᠢᠯᠢᠭᠵᠢᠭᠤᠯᠬᠤ ᠴᠢᠬᠤᠯᠠᠲᠠᠢ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠯᠵᠠᠪᠤᠷᠢ ᠶᠢ ᠪᠠᠲᠤᠯᠠᠬᠤ ᠲᠣᠭᠲᠠᠴᠠ ᠶᠢ | ᠤᠯᠠᠮ ᠲᠡᠭᠦᠯᠳᠡᠷᠵᠢᠭᠦᠯᠵᠦ᠂ ᠣᠯᠠᠨ ᠳᠡᠰ ᠳᠠᠪᠬᠤᠷᠭ᠎ᠠ ᠪᠦᠬᠦᠢ ᠲᠠᠷᠢᠶᠠᠯᠠᠩ ᠤᠨ ᠳᠠᠭᠠᠳᠬᠠᠯ ᠤᠨ ᠰᠢᠰᠲ᠋ᠧᠮ ᠢ ᠪᠦᠷᠢᠨᠰᠢᠭᠦᠯᠦᠨ᠂ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠤ ᠳᠠᠭᠠᠳᠬᠠᠯ ᠢ ᠳᠡᠮᠵᠢᠨ ᠬᠥᠭᠵᠢᠭᠦᠯᠵᠦ᠂ ᠲᠤᠲᠤᠷᠭ᠎ᠠ᠂ ᠪᠤᠭᠤᠳᠠᠢ᠂ ᠡᠷᠳᠡᠨᠢ ᠰᠢᠰᠢ᠂ ᠰᠢᠷ᠎ᠠ ᠪᠤᠷᠴᠠᠭ ᠤᠨ ᠥᠪᠡᠷ ᠤᠨ ᠥᠷᠲᠡᠭ ᠤᠨ | ᠳᠠᠭᠠᠳᠬᠠᠯ ᠪᠣᠯᠣᠨ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠬᠦᠷᠳᠡᠬᠦ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ ᠢ | ᠪᠠᠶᠢᠭᠠᠯᠢ ᠶᠢᠨ ᠲᠦᠭᠰᠢᠭᠦᠷᠢ ᠪᠣᠯᠣᠨ ᠵᠠᠬ᠎ᠠ ᠳᠡᠯᠭᠡᠭᠦᠷ ᠤᠨ ᠲᠦᠭᠰᠢᠭᠦᠷᠢ ᠠᠴᠠ ᠪᠦᠲᠦᠮᠵᠢᠲᠡᠶ ᠪᠠᠷ ᠵᠠᠶᠢᠯᠠᠭᠤᠯᠤᠨ᠎ᠠ᠃ ᠡᠭᠦᠨ ᠤ ᠬᠠᠮᠲᠤ᠂ ᠪᠠᠰᠠ ᠠᠮᠢ ᠠᠬᠤᠢ ᠶᠢᠨ | ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠵᠡᠷᠭᠡ ᠲᠠᠯ᠎ᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠠᠮᠢ ᠠᠬᠤᠢ ᠶᠢᠨ ᠳᠠᠪᠠᠭᠤᠯᠢᠭ ᠢ ᠨᠡᠩ ᠰᠠᠶᠢᠨ ᠢᠶᠠᠷ ᠠᠵᠤ ᠠᠬᠤᠢ ᠶᠢᠨ ᠳᠠᠪᠠᠭᠤᠯᠢᠭ | ᠪᠣᠯᠭᠠᠨ ᠬᠤᠪᠢᠷᠠᠭᠤᠯᠬᠤ ᠬᠡᠷᠡᠭᠲᠡᠢ᠃ | ︵ᠵᠣᠬᠢᠶᠠᠭᠴᠢ ᠶᠢᠨ ᠬᠠᠶ᠋ᠢᠭ᠄ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠳᠤᠯᠭᠠᠨ ᠤ ᠲᠥᠪ ᠤᠨ ᠣᠨᠴᠠ ᠤᠷᠢᠭᠰᠠᠨ ᠰᠤᠳᠤᠯᠤᠭᠴᠢ᠂ ᠬᠥᠳᠡᠭᠡ | ᠲᠣᠰᠬᠤᠨ ᠤ ᠬᠥᠭᠵᠢᠯᠲᠡ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ︶ |