ᠰᠢᠨᠬᠤᠸᠠ ᠬᠤᠷᠢᠶᠠᠨ ᠤ ᠴᠠᠭ ᠤᠨ ᠪᠠᠶᠢᠳᠠᠯ ᠤᠨ ᠰᠢᠭᠦᠮᠵᠢ᠄ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠨᠢ ᠬᠡᠰᠡᠭ ᠵᠠᠭᠤᠷ᠎ᠠ ᠶᠢᠨ ᠶᠠᠪᠤᠳᠠᠯ ᠪᠢᠰᠢ᠂ ᠨᠢᠭᠡ ᠯᠡ ᠠᠳᠠᠯᠢ ᠪᠠᠷ ᠬᠤᠷᠢᠭᠯᠠᠬᠤ ᠶᠠᠪᠤᠳᠠᠯ ᠴᠤ ᠪᠢᠰᠢ ᠶᠤᠮ
ᠨᠡᠶᠢᠲᠡᠯᠡᠭᠰᠡᠨ ᠴᠠᠭ᠄
2025/7/3
    ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠶᠠᠭ ᠥᠷᠨᠢᠭᠦᠯᠵᠦ ᠪᠣᠢ᠂ ᠪᠦᠬᠦ ᠨᠠᠮ ᠢᠶᠠᠷ ᠢᠶᠠᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠳᠤ ᠴᠢᠭᠯᠡᠭᠦᠯᠦᠨ ᠴᠤᠬᠤᠶᠢᠪᠠᠯ ᠴᠣᠬᠢᠯᠲᠠ ᠥᠭᠴᠦ᠂ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢ ᠪᠠᠷᠢᠮᠲᠠᠯᠠᠪᠠ᠃ ᠭᠡᠪᠡᠴᠦ ᠣᠨᠴᠠ ᠵᠠᠷᠢᠮ ᠨᠠᠮ ᠤᠨ ᠭᠡᠰᠢᠭᠦᠨ ᠺᠠᠳ᠋ᠷ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠪᠠᠨ ᠲᠣᠭᠲᠠᠭᠠᠯ ᠠᠴᠠ ᠵᠥᠷᠢᠴᠡᠨ ᠬᠠᠮᠲᠤ ᠬᠤᠭᠤᠯᠠᠯᠠᠵᠤ ᠠᠷᠢᠬᠢᠳᠠᠭᠰᠠᠨ ᠨᠢ ︽ᠳᠥᠷᠪᠡᠨ ᠰᠤᠷᠲᠠᠯ︾ ᠤᠨ ᠠᠰᠠᠭᠤᠳᠠᠯ ᠳᠤ ᠮᠤᠵᠢᠭᠤᠳᠠ ᠴᠢᠨᠠᠷ ᠪᠠ ᠳᠠᠪᠲᠠᠭᠳᠠᠯ ᠴᠢᠨᠠᠷ ᠪᠠᠶᠢᠬᠤ ᠶᠢ ᠬᠠᠷᠠᠭᠤᠯᠵᠤ ᠪᠠᠶᠢᠭ᠎ᠠ ᠪᠥᠭᠡᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ︽ᠵᠢᠵᠢᠭ ᠰᠠᠵᠢᠭ ᠶᠠᠪᠤᠳᠠᠯ ᠤᠨ ᠣᠨᠣᠯ︾ ︽ᠬᠥᠭᠵᠢᠯᠲᠡ ᠶᠢ ᠨᠥᠯᠥᠭᠡᠯᠡᠬᠦ ᠣᠨᠣᠯ︾ ︽ᠠᠵᠢᠯ ᠲᠥᠷᠥᠯ ᠤᠨ ᠣᠨᠴᠠᠭᠠᠶ ᠪᠠᠶᠢᠳᠠᠯ ᠤᠨ ᠣᠨᠣᠯ︾ ᠵᠡᠷᠭᠡ ᠪᠤᠷᠤᠭᠤ ᠦᠵᠡᠯ ᠰᠠᠨᠠᠭ᠎ᠠ ᠨᠢ ᠵᠠᠷᠢᠮ ᠬᠥᠮᠥᠰ ᠤᠨ ᠰᠡᠳᠬᠢᠯ ᠳᠤ ᠮᠥᠨ ᠬᠦ ᠭᠦᠨ ᠦᠨᠳᠦᠰᠦᠯᠡᠭᠰᠡᠨ ᠢ ᠣᠯᠵᠤ ᠬᠠᠷᠠᠨ᠎ᠠ᠃        ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠨᠢ ᠨᠢᠭᠤᠷ ᠲᠠᠯ᠎ᠠ ᠶᠢ ᠨᠥᠯᠥᠭᠡᠯᠡᠳᠡᠭ ᠦᠭᠡᠢ ᠵᠢᠵᠢᠭ ᠰᠠᠵᠢᠭ ᠶᠠᠪᠤᠳᠠᠯ ᠪᠢᠰᠢ᠂ ᠬᠠᠷᠢᠨ ᠨᠠᠮ ᠤᠨ ᠰᠤᠷᠲᠠᠯ ᠵᠠᠰᠠᠭ ᠤᠨ ᠰᠤᠷᠲᠠᠯ᠂ ᠬᠥᠮᠥᠰ ᠤᠨ ᠰᠡᠳᠬᠢᠯ ᠤᠨ ᠬᠠᠨᠳᠤᠰᠢ ᠳᠤ ᠬᠤᠯᠪᠣᠭᠳᠠᠭᠰᠠᠨ ᠲᠣᠮᠣ ᠶᠠᠪᠤᠳᠠᠯ ᠮᠥᠨ᠃ ᠦᠡᠭᠭᠡᠨ ᠲᠠᠯ᠎ᠠ ᠠᠴᠠ ᠨᠢ ᠦᠵᠡᠬᠦ ᠳᠤ ᠨᠢᠭᠡ ᠴᠠᠭ ᠤᠨ ᠬᠤᠭᠤᠯᠠ᠂ ᠨᠢᠭᠡ ᠤᠳᠠᠭᠠᠨ ᠤ ᠠᠷᠢᠬᠢᠳᠠᠯ ᠭᠡᠳᠡᠭ ᠪᠣᠯᠪᠠᠴᠤ ᠮᠥᠨ ᠴᠢᠨᠠᠷ ᠳᠡᠭᠡᠷ᠎ᠡ ᠪᠠᠨ ᠱᠠᠮᠰᠢᠵᠤ ᠢᠯᠵᠢᠷᠡᠬᠦ ᠠᠰᠠᠭᠤᠳᠠᠯ ᠤᠨ ᠰᠢᠵᠢᠮ ᠮᠥᠨ᠂ ᠦᠡᠭᠭᠡᠨ ᠲᠠᠯ᠎ᠠ ᠠᠴᠠ ᠨᠢ ᠦᠵᠡᠬᠦ ᠳᠤ ᠪᠠᠭᠠᠯᠵᠠᠭᠤᠷ ᠢᠶᠠᠨ ᠪᠠᠷᠢᠵᠤ ᠴᠢᠳᠠᠭᠰᠠᠨ ᠦᠭᠡᠢ ᠰᠢᠭ ᠪᠣᠯᠪᠠᠴᠤ ᠮᠥᠨ ᠴᠢᠨᠠᠷ ᠳᠡᠭᠡᠷ᠎ᠡ ᠪᠠᠨ ᠰᠡᠳᠬᠢᠯ ᠢᠶᠠᠨ ᠪᠠᠲᠤ ᠰᠠᠬᠢᠭᠰᠠᠨ ᠦᠭᠡᠢ ᠶᠠᠪᠤᠳᠠᠯ ᠶᠤᠮ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠨᠢ ᠬᠥᠭᠵᠢᠯᠲᠡ ᠶᠢ ᠠᠬᠢᠭᠤᠯᠬᠤ ᠶᠢᠨ ᠲᠦᠷᠭᠡᠳᠬᠡᠭᠦᠷ ᠡᠳ᠋ ᠪᠢᠰᠢ᠂ ᠬᠠᠷᠢᠨ ᠡᠷᠬᠡ ᠪᠠᠨ ᠲᠦᠷᠢᠶᠡᠰᠦᠯᠡᠬᠦ ᠪᠠ ᠠᠰᠢᠭ ᠲᠤᠰᠠ ᠰᠣᠯᠢᠯᠴᠠᠬᠤ ᠶᠢᠨ ᠬᠦᠯᠡᠮᠵᠢ ᠪᠣᠯᠵᠤ ᠮᠡᠳᠡᠨ᠎ᠡ᠂ ᠨᠡᠩ ᠣᠷᠳᠣ ᠬᠤᠭᠤᠴᠠᠭᠠᠨ ᠤ ᠲᠤᠷᠰᠢᠲᠠ ᠠᠵᠢᠭᠯᠠᠭᠠᠳ ᠦᠵᠡᠬᠦ ᠳᠤ ᠬᠡᠪ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠡᠪᠳᠡᠵᠦ᠂ ᠡᠴᠦᠰ ᠲᠤ ᠪᠠᠨ ᠡᠬᠢ ᠪᠠᠶᠠᠯᠢᠭ ᠢ ᠪᠤᠷᠤᠭᠤ ᠲᠣᠬᠢᠷᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠪᠠᠭᠤᠷᠠᠭᠤᠯᠬᠤ ᠪᠣᠯᠣᠨ᠎ᠠ᠃ ᠪᠢᠳᠡᠨ ᠤ ᠱᠠᠭᠠᠷᠳᠠᠵᠤ ᠪᠠᠶᠢᠭ᠎ᠠ ᠨᠢ ᠴᠢᠨᠠᠷ ᠰᠠᠶᠢᠲᠠᠢ ᠬᠥᠭᠵᠢᠯᠲᠡ ᠪᠣᠯᠬᠤ ᠠᠴᠠ ᠪᠢᠰᠢ᠂ ᠶᠡᠭᠡ ᠪᠠᠷ ᠢᠳᠡᠵᠦ ᠤᠤᠭᠤᠬᠤ ᠪᠠᠷ ᠪᠠᠲᠤᠯᠠᠳᠠᠭ ᠬᠤᠳᠠᠯ ᠬᠠᠭᠤᠷᠮᠠᠭ ᠬᠥᠭᠵᠢᠯ ᠴᠡᠴᠡᠭᠯᠡᠯ ᠤᠭᠳᠤ ᠪᠢᠰᠢ ᠶᠤᠮ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠨᠢ ᠰᠠᠬᠢᠯᠭ᠎ᠠ ᠪᠠᠲᠤ ᠶᠢᠨ ᠬᠦᠯᠢᠶᠡᠰᠦ ᠰᠤᠯᠠᠷᠠᠭᠰᠠᠨ ᠤ ᠰᠢᠯᠲᠠᠭ ᠪᠢᠰᠢ᠂ ᠨᠠᠮ ᠤᠨ ᠰᠠᠬᠢᠯᠭ᠎ᠠ ᠪᠠᠲᠤ ᠤᠯᠤᠰ ᠤᠨ ᠬᠠᠤᠯᠢ ᠪᠠ ᠡᠯ᠎ᠡ ᠵᠦᠢᠯ ᠤᠨ ᠳᠦᠷᠢᠮ ᠲᠣᠭᠲᠠᠭᠠᠯ ᠤᠨ ᠡᠮᠦᠨ᠎ᠡ᠂ ︽ᠣᠨᠴᠠᠭᠠᠶ︾᠂ ︽ᠴᠡᠭᠡᠷᠯᠡᠯ ᠠᠴᠠ ᠭᠠᠳᠠᠭᠤᠷ︾ ᠠᠵᠢᠯ ᠲᠥᠷᠥᠯ ᠭᠡᠵᠦ ᠪᠠᠶᠢᠳᠠᠭ ᠦᠭᠡᠢ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠪᠠᠨ ︽ᠠᠵᠢᠯ ᠤᠨ ᠬᠡᠷᠡᠭᠴᠡᠭᠡ︾ ᠪᠠᠷ ᠬᠠᠯᠬᠠᠯᠠᠵᠤ ᠪᠣᠯᠬᠤ ᠦᠭᠡᠢ᠃        ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠨᠢ ᠬᠡᠰᠡᠭ ᠵᠠᠭᠤᠷ᠎ᠠ ᠶᠢᠨ ᠶᠠᠪᠤᠳᠠᠯ ᠪᠢᠰᠢ᠃ ᠵᠠᠷᠢᠮ ᠮᠠᠭᠤ ᠰᠤᠷᠲᠠᠯ ᠨᠢ ᠶᠠᠭ ᠭᠤᠭᠤᠳ ᠬᠠᠳᠤᠬᠤ ᠰᠢᠭ᠋᠂ ᠬᠠᠳᠤᠵᠤ ᠯᠠ ᠪᠠᠶᠢᠨ᠎ᠠ ᠤᠷᠭᠤᠵᠤ ᠯᠠ ᠪᠠᠶᠢᠨ᠎ᠠ᠂ ᠡᠭᠦᠨ ᠤ ᠵᠠᠩᠭᠢᠯᠠᠭ᠎ᠠ ᠨᠢ ᠰᠤᠷᠲᠠᠯ ᠤᠨ ᠠᠰᠠᠭᠤᠳᠠᠯ ᠤᠨ ᠮᠤᠵᠢᠭᠤᠳᠠ ᠴᠢᠨᠠᠷ ᠪᠠ ᠳᠠᠪᠲᠠᠭᠳᠠᠯ ᠴᠢᠨᠠᠷ ᠢ ᠭᠦᠢᠴᠡᠳ ᠪᠣᠳᠣᠯᠬᠢᠯᠠᠭᠰᠠᠨ ᠦᠭᠡᠢ ᠳᠤ ᠪᠣᠢ᠃ ᠣᠨᠴᠠ ᠵᠠᠷᠢᠮ ᠨᠠᠮ ᠤᠨ ᠭᠡᠰᠢᠭᠦᠨ ᠺᠠᠳ᠋ᠷ ᠭᠤᠷᠢᠳᠠᠬᠤ ᠪᠣᠳᠣᠯ ᠡᠪᠦᠷᠯᠡᠨ᠂ ᠲᠦᠷ ᠬᠦᠯᠢᠶᠡᠵᠦ ᠪᠠᠶᠢᠭᠠᠳ ᠥᠩᠭᠡᠷᠡᠵᠦ ᠭᠠᠷᠪᠠᠯ ᠪᠣᠯᠴᠢᠬᠠᠨ᠎ᠠ ᠭᠡᠵᠦ ᠪᠣᠳᠣᠳᠠᠭ᠃ ᠡᠨᠡ ᠪᠣᠯ ᠨᠠᠮ ᠤᠨ ᠲᠥᠪ ᠬᠤᠷᠢᠶᠠᠨ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠡᠷᠡᠰ ᠪᠠᠲᠤ ᠵᠣᠷᠢᠭ ᠰᠠᠨᠠᠭ᠎ᠠ ᠶᠢ ᠲᠣᠳᠣᠷᠬᠠᠢ ᠲᠠᠨᠢᠭᠰᠠᠨ ᠦᠭᠡᠢ ᠳᠤ ᠪᠠᠶᠢᠨ᠎ᠠ᠃        ᠲᠥᠪ ᠤᠨ ᠨᠠᠢᠮᠠᠨ ᠵᠤᠷᠪᠤᠰ ᠲᠣᠭᠲᠠᠭᠠᠯ ᠪᠣᠯ ᠤᠷᠳᠤ ᠬᠤᠭᠤᠴᠠᠭ᠎ᠠ ᠪᠠᠷ ᠬᠦᠴᠦᠨ ᠲᠠᠢ ᠲᠡᠮᠦᠷ ᠮᠡᠲᠦ ᠬᠠᠲᠠᠭᠤ ᠳᠦᠷᠢᠮ ᠲᠣᠭᠲᠠᠭᠠᠯ ᠮᠥᠨ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠳᠤ ᠪᠠᠶᠢᠩᠭᠤ ᠬᠠᠮᠢᠶᠠᠷᠬᠤ ᠬᠠᠳᠠᠨ ᠵᠣᠷᠢᠭ᠂ ᠴᠢᠩᠭ᠎ᠠ ᠠᠳᠬᠤᠬᠤ ᠲᠡᠰᠪᠦᠷᠢ ᠲᠡᠪᠴᠢᠶᠡᠷᠢ ᠪᠠᠶᠢᠬᠤ ᠬᠡᠷᠡᠭᠲᠡᠢ ᠮᠥᠷᠲᠡᠭᠡᠨ ᠠᠯᠤᠰ ᠢ ᠪᠣᠳᠣᠨ᠂ ᠰᠠᠭᠤᠷᠢ ᠶᠢ ᠪᠠᠬᠢᠵᠢᠭᠦᠯᠦᠭᠰᠡᠨ ᠳᠦᠷᠢᠮ ᠪᠠᠶᠢᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ ᠺᠠᠳ᠋ᠷᠴᠤᠳ ᠢ ᠦᠨᠡᠨ ᠬᠦ ᠬᠥᠮᠥᠵᠢᠭᠦᠯᠦᠨ ᠵᠢᠯᠤᠭᠤᠳᠴᠤ ᠪᠠᠶᠢᠭᠠᠳ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ᠤᠯᠤᠰ ᠲᠥᠷᠥ ᠶᠢᠨ ᠬᠤᠣᠷ ᠬᠥᠨᠥᠭᠡᠯ ᠢ ᠲᠣᠳᠣᠷᠬᠠᠢ ᠲᠠᠨᠢᠭᠤᠯᠵᠤ᠂ ᠡᠯ᠎ᠡ ᠵᠦᠢᠯ ᠤᠨ ᠪᠤᠷᠤᠭᠤ ᠦᠵᠡᠯ ᠰᠠᠨᠠᠭ᠎ᠠ ᠲᠠᠢ ᠤᠬᠠᠮᠰᠠᠷ ᠠᠴᠠ ᠪᠠᠨ ᠲᠡᠮᠡᠴᠡᠵᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠪᠠᠰᠠ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠳᠤᠮᠳᠠᠬᠢ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠵᠡᠷᠭᠡ ᠠᠰᠠᠭᠤᠳᠠᠯ ᠢ ᠵᠠᠯᠠᠷᠠᠭᠤᠯᠤᠭᠰᠠᠨ ᠦᠢᠯᠡᠳᠦᠯᠭᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠵᠢᠷᠤᠮᠵᠢᠯ ᠲᠠᠢ᠂ ᠪᠦᠷᠢᠨ ᠲᠡᠭᠦᠯᠳᠡᠷ ᠪᠥᠭᠡᠳ ᠬᠡᠷᠡᠭᠵᠢᠭᠦᠯᠬᠦ ᠴᠢᠨᠠᠷ ᠢᠶᠠᠷ ᠴᠢᠩᠭ᠎ᠠ ᠳᠦᠷᠢᠮ ᠢ ᠪᠦᠷᠢᠯᠳᠦᠭᠦᠯᠵᠦ᠂ ᠡᠭᠦᠨ ᠢ ᠦᠨᠳᠦᠰᠦᠯᠡᠨ ᠣᠳᠣᠬᠢ ᠶᠢ ᠠᠳᠬᠤᠵᠤ᠂ ᠨᠡᠶᠢᠲᠡᠯᠢᠭ ᠵᠢᠱᠢᠶ᠎ᠡ ᠶᠢ ᠠᠳᠬᠤᠵᠤ᠂ ᠵᠠᠷᠯᠠᠨ ᠮᠡᠳᠡᠭᠳᠡᠬᠦ ᠶᠢ ᠠᠳᠬᠤᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠤ ᠠᠷᠤ ᠳᠠᠬᠢ ᠢᠯᠵᠢᠷᠡᠯ ᠤᠨ ᠠᠰᠠᠭᠤᠳᠠᠯ ᠢ ᠭᠦᠨᠵᠡᠭᠡᠢ ᠠᠭᠤᠳᠠᠯᠵᠤ ᠨᠠᠷᠢᠨ ᠪᠠᠶᠢᠴᠠᠭᠠᠬᠤ ᠬᠡᠷᠡᠭᠲᠡᠢ᠃        ᠡᠭᠦᠨ ᠤ ᠵᠡᠷᠭᠡ ᠪᠠᠷ ᠡᠷᠬᠡᠪᠰᠢ ᠠᠩᠬᠠᠷᠬᠤ ᠨᠢ ᠭᠡᠪᠡᠯ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠶᠢᠨ ᠭᠤᠣᠯᠳᠠᠯᠭ᠎ᠠ ᠪᠣᠯ ︽ᠲᠣᠭᠲᠠᠭᠠᠯ ᠠᠴᠠ ᠵᠥᠷᠢᠴᠡᠭᠰᠡᠨ︾ ᠶᠠᠪᠤᠳᠠᠯ ᠶᠤᠮ᠂ ᠬᠠᠷᠢᠨ ᠢᠳᠡᠵᠦ ᠤᠤᠭᠤᠬᠤ ᠶᠠᠪᠤᠳᠠᠯ ᠪᠢᠰᠢ᠃ ᠭᠤᠣᠯ ᠴᠣᠭᠴᠠ ᠨᠢ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ᠂ ᠢᠯᠠᠩᠭᠤᠶ᠎ᠠ ᠤᠳᠤᠷᠢᠳᠬᠤ ᠺᠠᠳ᠋ᠷ ᠪᠣᠯᠣᠨ᠎ᠠ᠃ ︽ᠲᠣᠭᠲᠠᠭᠠᠯ ᠢ ᠵᠥᠷᠢᠴᠡᠭᠰᠡᠨ︾ ᠡᠰᠡᠬᠦ ᠨᠢ ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ ᠤᠨ ᠲᠠᠯ᠎ᠠ ᠪᠠᠷ ᠭᠤᠣᠯᠳᠠᠭᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠣᠯᠭᠤᠬᠤ ᠳᠦᠷᠢᠮ︾ ᠳᠠᠬᠢ ᠠᠯᠪᠠᠨ ᠶᠠᠪᠤᠳᠠᠯ ᠤᠨ ᠵᠣᠴᠢᠯᠠᠭ᠎ᠠ ᠳᠠᠶᠢᠯᠠᠯᠭ᠎ᠠ᠂ ᠬᠤᠳᠠᠯᠳᠤᠭᠠᠨ ᠤ ᠶᠠᠪᠤᠳᠠᠯ ᠤᠨ ᠵᠣᠴᠢᠯᠠᠭ᠎ᠠ ᠵᠡᠷᠭᠡ ᠲᠣᠭᠲᠠᠭᠠᠯ ᠢ ᠦᠨᠳᠦᠰᠦᠯᠡᠵᠦ᠂ ᠠᠯᠪᠠᠨ ᠲᠤᠰᠢᠶᠠᠯᠲᠠᠨ ᠤ ᠬᠠᠮᠢᠶᠠᠷᠤᠯᠲᠠ ᠶᠢᠨ ᠲᠠᠯ᠎ᠠ ᠪᠠᠷ ᠭᠤᠣᠯᠳᠠᠭᠤ ᠬᠢᠨᠠᠨ ᠪᠠᠶᠢᠴᠠᠭᠠᠬᠤ ᠬᠠᠤᠯᠢ᠂ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠤᠨ ᠰᠢᠢᠳᠬᠡᠯ ᠤᠨ ᠬᠠᠤᠯᠢ ᠵᠡᠷᠭᠡ ᠶᠢ ᠦᠨᠳᠦᠰᠦᠯᠡᠨ᠎ᠡ᠃ ᠲᠥᠪ ᠠᠴᠠ ᠣᠷᠣᠨ ᠨᠤᠲᠤᠭ ᠬᠦᠷᠲᠡᠯᠡᠬᠢ ᠡᠯ᠎ᠡ ᠵᠦᠢᠯ ᠤᠨ ︽ᠠᠷᠢᠬᠢ ᠴᠠᠭᠠᠵᠠᠯᠠᠬᠤ ᠵᠠᠷᠯᠢᠭ︾ ᠤᠨ ᠭᠤᠣᠯᠳᠠᠯᠭ᠎ᠠ ᠨᠢ ᠠᠯᠪᠠᠨ ᠶᠠᠪᠤᠳᠠᠯ ᠤᠨ ᠠᠵᠢᠯᠯᠠᠭ᠎ᠠ ᠶᠢ ᠵᠢᠷᠤᠮᠵᠢᠭᠤᠯᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠳᠠᠯᠠᠬᠤ ᠶᠠᠪᠤᠳᠠᠯ ᠪᠣᠯᠣᠨ᠎ᠠ᠂ ᠬᠠᠷᠢᠨ ᠬᠥᠮᠥᠰ ᠤᠨ ᠬᠤᠭᠤᠷᠣᠨᠳᠣᠬᠢ ᠬᠡᠪ ᠤᠨ ᠶᠠᠪᠤᠯᠴᠠᠭ᠎ᠠ ᠶᠢ ᠨᠢᠭᠡ ᠯᠡ ᠠᠳᠠᠯᠢ ᠪᠠᠷ ᠬᠤᠷᠢᠭᠯᠠᠬᠤ ᠶᠠᠪᠤᠳᠠᠯ ᠪᠢᠰᠢ ᠶᠤᠮ᠃ ᠨᠠᠮ ᠤᠨ ᠭᠡᠰᠢᠭᠦᠨ ᠺᠠᠳ᠋ᠷᠴᠤᠳ ᠲᠤ ᠬᠤᠪᠢ ᠬᠥᠮᠥᠨ ᠤ ᠬᠡᠪ ᠤᠨ ᠶᠠᠪᠤᠯᠴᠠᠭᠠᠨ ᠤ ᠡᠷᠬᠡ ᠪᠠᠶᠢᠳᠠᠭ᠂ ᠡᠭᠦᠨ ᠤ ᠤᠷᠢᠲᠠᠯ ᠨᠢ ︽ᠠᠯᠪᠠᠨ ᠶᠠᠪᠤᠳᠠᠯ ᠢ ᠨᠥᠯᠥᠭᠡᠯᠡᠬᠦ ᠦᠭᠡᠢ︾᠂ ︽ᠠᠷᠢᠭᠤᠨ ᠴᠢᠬᠡᠴᠢ ᠶᠢ ᠨᠥᠯᠥᠭᠡᠯᠡᠬᠦ ᠦᠭᠡᠢ︾ ᠪᠠᠶᠢᠬᠤ ᠬᠢᠵᠠᠭᠠᠷ ᠱᠤᠭᠤᠮ ᠢ ᠰᠠᠬᠢᠬᠤ ᠶᠠᠪᠤᠳᠠᠯ ᠪᠣᠯᠣᠨ᠎ᠠ᠃        ᠠᠯᠪᠠᠨ ᠲᠤᠰᠢᠶᠠᠯᠲᠠᠨ 24 ᠴᠠᠭ ᠢᠶᠠᠷ ᠠᠷᠢᠬᠢ ᠴᠡᠭᠡᠷᠯᠡᠬᠦ᠂ ᠬᠠᠮᠲᠤ ᠬᠤᠭᠤᠯᠠᠯᠠᠬᠤ ᠳᠤ ᠭᠤᠷᠪᠠᠨ ᠬᠥᠮᠥᠨ ᠢᠶᠠᠷ ᠬᠢᠵᠠᠭᠠᠷᠯᠠᠬᠤ᠂ ᠬᠤᠭᠤᠯᠠᠨ ᠤ ᠵᠠᠷᠤᠳᠠᠯ ᠢ ᠡᠷᠬᠡᠪᠰᠢ AA ᠪᠠᠶᠢᠯᠭᠠᠬᠤ ᠁ ᠣᠳᠣᠬᠠᠨ ᠳᠤ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠲᠠᠯ᠎ᠠ ᠪᠠᠷ ᠭᠠᠵᠢᠭᠤᠳᠠᠭᠤᠯᠤᠨ ᠲᠠᠶᠢᠯᠪᠤᠷᠢᠯᠠᠵᠤ ᠪᠠᠶᠢᠭ᠎ᠠ ᠵᠠᠷᠢᠮ ᠶᠠᠪᠤᠳᠠᠯ ᠢ ᠡᠷᠬᠡᠪᠰᠢ ᠰᠡᠷᠡᠮᠵᠢᠯᠡᠬᠦ ᠬᠡᠷᠡᠭᠲᠡᠢ᠃ ᠦᠨᠡᠨ ᠠᠴᠠ ᠵᠥᠪ ᠢ ᠡᠷᠢᠬᠦ ᠪᠣᠯ ᠨᠠᠮ ᠤᠨ ᠦᠨᠳᠦᠰᠦᠨ ᠦᠵᠡᠯ ᠰᠠᠨᠠᠭᠠᠨ ᠤ ᠠᠷᠭ᠎ᠠ᠂ ᠠᠵᠢᠯ ᠤᠨ ᠠᠷᠭ᠎ᠠ᠂ ᠤᠳᠤᠷᠢᠳᠬᠤ ᠠᠷᠭ᠎ᠠ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠶᠠᠪᠤᠴᠠ ᠳᠤ᠂ ᠡᠷᠬᠡᠪᠰᠢ ᠦᠨᠡᠨ ᠠᠴᠠ ᠵᠥᠪ ᠢ ᠡᠷᠢᠬᠦ ᠶᠢ ᠲᠡᠷᠢᠭᠦᠨ ᠳᠤ ᠲᠠᠯᠪᠢᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠪᠠ ᠬᠡᠪ ᠤᠨ ᠬᠤᠭᠤᠯᠠ ᠤᠮᠳᠠᠭᠠᠨ ᠤ ᠬᠡᠷᠡᠭᠯᠡᠭᠡ ᠶᠢ ᠢᠯᠭᠠᠬᠤ ᠶᠢ ᠠᠩᠬᠠᠷᠴᠤ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠷ᠎ᠡ ᠪᠦᠲᠦᠮᠵᠢ ᠶᠢ ᠠᠮᠢᠳᠤᠯᠢᠭ ᠢᠶᠠᠷ ᠨᠢᠭᠡᠳᠬᠡᠬᠦ ᠬᠡᠷᠡᠭᠲᠡᠢ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠨᠢ ᠬᠡᠪ ᠤᠨ ᠬᠡᠷᠡᠭᠯᠡᠭᠡ᠂ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠠᠬᠢᠭᠤᠯᠬᠤ ᠯᠤᠭ᠎ᠠ ᠬᠠᠷᠰᠢᠯᠳᠤᠭᠤᠯᠬᠤ ᠦᠭᠡᠢ ᠪᠠᠶᠢᠵᠤ᠂ ᠵᠠᠰᠠᠯᠲᠠ ᠶᠢᠨ ᠠᠷᠭ᠎ᠠ ᠮᠠᠶ᠋ᠢᠭ ᠠᠷᠭ᠎ᠠ ᠪᠠᠷᠢᠯ ᠢ ᠴᠢᠬᠤᠯᠠᠴᠢᠯᠠᠨ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠢᠳᠡᠭᠡᠨ ᠤᠮᠳᠠᠭᠠᠨ ᠤ ᠠᠵᠢᠯ ᠲᠥᠷᠥᠯ ᠤᠨ ᠬᠡᠪ ᠤᠨ ᠡᠵᠡᠩᠨᠡᠯᠲᠡ ᠪᠠ ᠣᠯᠠᠨ ᠲᠦᠮᠡᠨ ᠤ ᠬᠡᠪ ᠤᠨ ᠬᠡᠷᠡᠭᠯᠡᠭᠡ ᠶᠢ ᠨᠥᠯᠥᠭᠡᠯᠡᠵᠦ ᠪᠣᠯᠬᠤ ᠦᠭᠡᠢ᠂ ᠲᠥᠷᠥ ᠶᠢᠨ ᠪᠣᠳᠣᠯᠭ᠎ᠠ ᠠᠴᠠ ᠵᠥᠷᠢᠴᠡᠨ ᠨᠢᠭᠡ ᠯᠡ ᠠᠳᠠᠯᠢ ᠪᠠᠷ ᠱᠠᠭᠠᠷᠳᠠᠵᠤ᠂ ᠱᠠᠲᠤ ᠱᠠᠲᠤ ᠪᠠᠷ ᠳᠠᠷᠤᠭᠠᠰᠤ ᠨᠡᠮᠡᠵᠦ ᠪᠣᠯᠬᠤ ᠦᠭᠡᠢ᠃        ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠡᠭᠴᠡᠯᠡᠨ ᠵᠠᠰᠠᠬᠤ ᠳᠤ ︽ᠰᠡᠯᠲᠡᠵᠦ︾ ᠪᠣᠯᠬᠤ ᠦᠭᠡᠢ᠂ ᠨᠠᠩ ᠴᠤ ︽ᠠᠩᠬᠠᠷᠤᠯ ᠢᠶᠠᠨ ᠰᠠᠷᠨᠢᠭᠤᠯᠵᠤ ︾ ᠪᠣᠯᠬᠤ ᠦᠭᠡᠢ᠂ ᠬᠠᠷᠠᠯᠲᠠ ᠲᠠᠢ ᠪᠠᠷ ᠠᠵᠢᠯᠯᠠᠪᠠᠯ ᠰᠠᠶ᠋ᠢ ᠪᠣᠳᠠᠲᠤ ᠦᠷ᠎ᠡ ᠪᠦᠲᠦᠮᠵᠢ ᠣᠯᠵᠤ ᠴᠢᠳᠠᠨ᠎ᠠ᠃ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠬᠠᠮᠲᠤᠳᠬᠠᠪᠠᠯ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠴᠡᠪᠡᠷ ᠠᠷᠢᠭᠤᠨ ᠬᠦᠴᠦᠷᠬᠡᠭ ᠶᠡᠭᠡ ᠴᠤᠭ ᠵᠢᠪᠬᠤᠭ᠎ᠠ ᠨᠡᠮᠡᠷᠢᠯᠡᠵᠦ ᠴᠢᠳᠠᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ