ᠭᠠᠵᠠᠷ ᠰᠢᠷᠤᠢ ᠪᠤᠯ ᠬᠦᠮᠦᠨ ᠲᠦᠷᠦᠯᠬᠢᠳᠡᠨ ᠤᠷᠤᠰᠢᠨ ᠲᠤᠭᠳᠠᠨᠢᠬᠤ ᠡᠬᠦᠷᠢᠳᠡ ᠶᠢᠨ ᠦᠪ᠂ ᠮᠦᠩᠬᠡ ᠶᠢᠨ ᠪᠠᠳᠤᠯᠠᠭ᠎ᠠ ᠶᠤᠮ᠃ ᠭᠠᠵᠠᠷ ᠰᠢᠷᠤᠢ ᠶᠢ ᠠᠷᠪᠢᠳᠠᠢ | ᠡᠷᠴᠢᠮᠳᠠᠢ ᠬᠡᠷᠡᠭᠯᠡᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠳᠤ ᠰᠠᠬᠢᠬᠤ ᠪᠤᠯ ᠨᠡᠶᠢᠭᠡᠮ ᠨᠡᠶᠢᠳᠡ ᠪᠠᠷ ᠢᠶᠠᠨ ᠭᠠᠵᠠᠷ ᠰᠢᠷᠤᠢ ᠶᠢᠨ ᠡᠬᠢ ᠪᠠᠶᠠᠯᠢᠭ ᠢ | ᠬᠢᠮᠠᠭᠠᠳᠠᠨ᠂ ᠬᠡᠮᠵᠢᠶ᠎ᠠ ᠲᠠᠢ ᠭᠠᠵᠠᠷ ᠰᠢᠷᠤᠢ ᠶᠢ ᠠᠷᠪᠢᠯᠠᠨ ᠭᠠᠮᠳᠠᠢ ᠬᠡᠷᠡᠭᠯᠡᠵᠦ᠂ ᠤᠷᠤᠰᠢᠨ ᠲᠤᠭᠳᠠᠨᠢᠬᠤ ᠶᠢᠨ ᠦᠨᠳᠦᠰᠦ ᠪᠤᠯᠤᠭᠰᠠᠨ ᠲᠠᠷᠢᠶᠠᠨ ᠭᠠᠵᠠᠷ ᠢ | ᠬᠠᠮᠠᠭᠠᠯᠠᠬᠤ ᠨᠡᠶᠢᠳᠡ ᠶᠢᠨ ᠤᠬᠠᠮᠰᠠᠷ ᠢ ᠪᠤᠢ ᠪᠤᠯᠭᠠᠵᠦ᠂ ᠬᠦᠮᠦᠨ ᠪᠤᠯᠭᠠᠨ ᠡᠩᠬᠠᠷᠳᠠᠭ᠂ ᠬᠦᠮᠦᠨ ᠪᠤᠯᠭᠠᠨ ᠤᠷᠤᠯᠴᠠᠭᠰᠠᠨ ᠬᠦᠨ ᠵᠤᠵᠠᠭᠠᠨ ᠠᠭᠤᠷ ᠠᠮᠢᠰᠬᠤᠯ ᠢ | ᠪᠤᠢ ᠪᠤᠯᠭᠠᠬᠤ ᠦᠨᠳᠦᠰᠤᠨ ᠵᠤᠷᠢᠯᠳᠠ ᠪᠠᠶᠢᠭ᠎ᠠ ᠶᠤᠮ᠃ | ︽ᠬᠦᠨᠵᠢᠯᠡ ᠶᠢᠨ ᠢᠶᠠᠨ ᠬᠢᠷᠢ ᠪᠠᠷ ᠬᠦᠯ ᠢᠶᠠᠨ ᠵᠢᠬᠢᠨᠠ︾ ᠭᠡᠭᠴᠢ ᠪᠠᠷ ᠬᠡᠮᠵᠢᠶ᠎ᠠ ᠲᠠᠢ ᠡᠬᠢ ᠪᠠᠶᠠᠯᠢᠭ ᠢ ᠬᠢᠮᠠᠭᠠᠳᠠᠨ ᠬᠡᠷᠡᠭᠯᠡᠵᠦ᠂ ᠵᠦᠢ ᠵᠤᠬᠢᠰᠳᠠᠢ | ᠠᠰᠢᠭᠯᠠᠬᠤ ᠨᠢ ᠴᠢᠨᠠᠷ ᠰᠠᠶᠢᠳᠠᠢ ᠬᠦᠭᠵᠢᠯᠳᠡ ᠳᠤ ᠦᠨᠳᠦᠰᠦᠨ ᠪᠠᠳᠤᠯᠠᠭ᠎ᠠ ᠬᠠᠩᠭᠠᠨ᠎ᠠ᠃ ᠮᠠᠨ ᠤ ᠤᠷᠤᠨ ᠡᠯ᠎ᠡ ᠱᠠᠲᠤᠨ ᠤ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠵᠦ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠱᠠᠲᠤ ᠭᠤᠷᠪᠠᠨ ᠲᠥᠷᠥᠯ︾ ᠦᠨ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠠᠯᠲᠠ ᠶᠢ ᠬᠤᠪᠢᠶᠠᠷᠢᠯᠠᠨ | ᠲᠣᠭᠲᠠᠭᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠲᠣᠭᠲᠠᠭᠠᠭᠰᠠᠨ ᠨᠢ ᠤᠯᠤᠰ ᠠᠷᠠᠳ ᠤᠨ ᠤᠷᠤᠰᠢᠨ ᠲᠤᠭᠳᠠᠨᠢᠬᠤ ᠰᠠᠭᠤᠷᠢ ᠶᠢ ᠪᠠᠳᠤᠯᠠᠵᠦ᠂ | ᠬᠦᠭᠵᠢᠯᠳᠡ ᠶᠢᠨ ᠤᠷᠤᠨ ᠵᠠᠢ ᠳᠤ ᠬᠡᠮᠵᠢᠬᠦᠷ ᠵᠦᠭᠯᠡᠬᠦᠷ ᠭᠠᠷᠭᠠᠵᠠᠢ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠲᠤᠭᠳᠠᠭᠠᠨ᠂ ᠭᠠᠵᠠᠷ | ᠰᠢᠷᠤᠢ ᠶᠢᠨ ᠬᠠᠮᠠᠭᠠᠯᠠᠯᠳᠠ ᠶᠢ ᠨᠡᠶᠢᠳᠡ ᠶᠢᠨ ᠴᠢᠨᠠᠷᠳᠠᠢ᠂ ᠬᠠᠥᠯᠢ ᠲᠦᠷᠢᠮ ᠤᠨ ᠴᠢᠨᠠᠷᠳᠠᠢ ᠪᠤᠯᠭᠠᠨ᠂ ᠦᠷᠬᠦᠯᠵᠢᠯᠡᠬᠦ᠋ᠴᠡ ᠬᠦᠭᠵᠢᠯᠳᠡ ᠳᠤ ᠬᠦᠴᠦᠳᠦ ᠪᠠᠳᠤᠯᠠᠭ᠎ᠠ | ᠳᠠᠯᠪᠢᠵᠠᠢ᠃ ᠪᠠᠰᠠ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠲᠣᠭᠲᠠᠭᠠᠵᠤ᠂ ᠮᠠᠨ ᠤ ᠣᠷᠣᠨ ᠤ ᠬᠤᠲᠠ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠤᠨᠢ ᠬᠠᠩᠭᠠᠵᠤ᠂ ᠭᠠᠵᠠᠷ ᠰᠢᠷᠤᠢ ᠶᠢᠨ ᠠᠰᠢᠭᠯᠠᠮᠵᠢ ᠶᠢ ᠰᠢᠨᠵᠢᠯᠡᠬᠦ ᠤᠬᠠᠭᠠᠨᠴᠢ᠂ | ᠵᠦᠢ ᠵᠤᠬᠢᠰᠳᠠᠢ ᠪᠤᠯᠭᠠᠵᠠᠢ᠃ | ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠷᠢᠮᠳᠠᠯᠠᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠳᠤ ᠰᠠᠬᠢᠨ᠎ᠠ᠃ ᠤᠶᠢᠷ᠎ᠠ ᠶᠢᠨ ᠵᠢᠯ ᠠᠴᠠ | ᠨᠠᠭᠠᠰᠢ᠂ ᠦᠪᠤᠷ ᠮᠤᠩᠭᠤᠯ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ | ᠠᠬᠢᠭᠤᠯᠵᠤ᠂ ︽ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠤᠨ ᠪᠤᠰᠤ ᠪᠥᠲᠥᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠵᠡᠷᠭᠡ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ | ᠬᠠᠮᠢᠶᠠᠷᠤᠯᠲᠠ ᠳᠤ ᠨᠢᠭᠡᠳᠦᠯᠲᠡᠶ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢᠨ ᠲᠡᠩᠴᠡᠭᠦᠷᠢ ᠶᠢ ᠪᠠᠳᠤᠯᠠᠨ᠂ | ᠶᠠᠰᠤ ᠴᠢᠨᠠᠷ ᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠢᠢ ᠡᠷᠡᠰ ᠬᠤᠷᠢᠭᠯᠠᠨ | ᠵᠣᠭᠰᠣᠭᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠢᠢ ᠰᠡᠷᠭᠡᠶᠢᠯᠡᠨ ᠬᠤᠷᠢᠭᠯᠠᠵᠤ᠂ ᠪᠥᠬᠦ ᠣᠷᠣᠨ ᠤ ᠬᠠᠤᠯᠢ ᠠᠴᠠ ᠵᠥᠷᠢᠴᠡᠨ ᠲᠠᠷᠢᠶᠠᠯᠠᠩ ᠢ ᠡᠵᠡᠯᠡᠭᠰᠡᠨ | ᠬᠠᠷᠢᠴᠠᠯ ᠢ ᠭᠤᠷᠪᠠᠨ ᠵᠢᠯ ᠳᠠᠷᠠᠭᠠᠯᠠᠨ ᠳᠤᠤᠷ᠎ᠠ ᠬᠡᠮᠵᠢᠶᠠᠨ ᠳᠤ ᠪᠠᠶᠢᠯᠭᠠᠪᠠ᠃ ᠭᠠᠵᠠᠷ ᠰᠢᠷᠣᠶ ᠶᠢᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ | ᠠᠬᠢᠭᠤᠯᠵᠤ᠂ ᠭᠠᠵᠠᠷ ᠰᠢᠷᠤᠢ ᠶᠢᠨ ᠡᠬᠢ ᠪᠠᠶᠠᠯᠢᠭ ᠢ ᠠᠮᠢᠳᠤᠯᠢᠭ ᠬᠡᠷᠡᠭᠯᠡᠨ᠎ᠠ᠃ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠲᠥᠯᠥᠪᠵᠢᠭᠦᠯᠦᠨ ᠭᠠᠵᠠᠷ | ᠰᠢᠷᠣᠶ ᠠᠰᠢᠭᠯᠠᠬᠤ ᠲᠥᠯᠥᠪᠯᠡᠭᠡ ᠶᠢᠨ ᠭᠦᠢᠴᠡᠳᠭᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ᠂ ︽ᠭᠠᠵᠠᠷ ᠰᠢᠷᠣᠶ ᠶᠢᠨ ᠬᠠᠮᠢᠶᠠᠷᠤᠯᠲᠠ ᠶᠢᠨ | ᠲᠦᠷᠢᠮ ᠳᠤ ᠥᠭᠡᠷᠡᠴᠢᠯᠡᠯᠲᠡ ᠬᠢᠵᠦ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠲᠤᠬᠠᠶ ᠰᠠᠨᠠᠯ︾ | ᠢ ᠰᠤᠳᠤᠯᠤᠨ ᠲᠤᠭᠤᠷᠪᠢᠵᠤ᠂ ᠳᠠᠪᠠᠭᠤᠯᠢᠭ ᠭᠠᠵᠠᠷ ᠣᠷᠣᠨ᠂ ᠭᠤᠤᠯᠯᠠᠬᠤ ᠠᠵᠤ ᠦᠢᠯᠡᠰ ᠪᠠ ᠴᠢᠬᠤᠯᠠ ᠶᠡᠭᠡ ᠲᠥᠷᠥᠯ ᠵᠦᠢᠯ ᠤᠨ ᠭᠠᠵᠠᠷ ᠰᠢᠷᠣᠶ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠭᠤᠤᠯᠳᠠᠯᠭ᠎ᠠ ᠲᠠᠢ ᠪᠠᠲᠤᠯᠠᠪᠠ᠃ | ᠭᠠᠵᠠᠷ ᠰᠢᠷᠤᠢ ᠪᠤᠯ ᠪᠤᠯᠪᠠᠰᠤᠨ ᠤ ᠰᠠᠭᠤᠷᠢ᠂ ᠠᠷᠠᠳ ᠤᠨ ᠠᠮᠢᠳᠤᠷᠠᠯ ᠤᠨ ᠦᠨᠳᠦᠰᠦ᠃ ᠭᠠᠵᠠᠷ ᠰᠢᠷᠤᠢ ᠶᠢᠨ ᠡᠬᠢ ᠪᠠᠶᠠᠯᠢᠭ ᠢ ᠬᠠᠮᠠᠭᠠᠯᠠᠵᠦ᠂ ᠵᠦᠢ | ᠵᠤᠬᠢᠰᠳᠠᠢ ᠠᠰᠢᠭᠯᠠᠨ᠂ ᠲᠠᠷᠢᠶᠠᠨ ᠭᠠᠵᠠᠷ ᠢ ᠪᠠᠳᠤᠯᠠᠬᠤ ᠳᠤ ᠬᠠᠥᠯᠢ ᠲᠦᠷᠢᠮ ᠢ ᠤᠯᠠᠮ ᠳᠡᠬᠦᠯᠳᠡᠷᠵᠢᠬᠦᠯᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ | ᠬᠤᠯᠪᠤᠭᠠᠯᠠᠨ ᠬᠦᠳᠡᠯᠦᠯᠴᠡᠵᠦ᠂ ᠬᠠᠥᠯᠢ ᠬᠡᠷᠡᠭᠵᠢᠬᠦᠯᠦᠯᠳᠡ ᠶᠢ ᠤᠯᠠᠮ ᠴᠢᠩᠭᠠᠳᠬᠠᠬᠤ ᠶᠢᠨ ᠤᠯᠠᠮ ᠠᠴᠠ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠬᠦᠭᠵᠢᠬᠡᠵᠦ᠂ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠨᠦᠬᠦᠪᠦᠷᠢ ᠶᠢᠨ ᠰᠠᠭᠤᠷᠢ ᠮᠦᠩᠬᠦ ᠶᠢ ᠪᠠᠶᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ | ᠠᠰᠢᠭᠯᠠᠨ᠂ ᠳᠠᠴᠢᠷᠳᠠᠭᠰᠠᠨ ᠲᠠᠷᠢᠶᠠᠨ ᠭᠠᠵᠠᠷ ᠢ ᠰᠡᠷᠬᠦᠭᠡᠨ ᠵᠠᠰᠠᠵᠦ᠂ ᠨᠡᠩ ᠦᠨᠳᠦᠷ ᠤᠨᠠᠯᠳᠠᠳᠦ ᠲᠠᠷᠢᠶᠠᠨ ᠭᠠᠵᠠᠷ ᠢ ᠪᠦᠳᠦᠭᠡᠨ ᠪᠠᠶᠢᠭᠤᠯᠬᠤ ᠨᠢ ᠲᠤᠯᠭᠠᠮ | ᠱᠠᠭᠠᠷᠳᠠᠭᠳᠠᠵᠦ ᠪᠠᠶᠢᠨ᠎ᠠ᠃ |