ᠲᠥᠷᠥ ᠶᠢᠨ ᠶᠠᠪᠤᠳᠠᠯ ᠤᠨ ᠬᠤᠷᠢᠶ᠎ᠡ ᠶᠢᠨ ᠠᠯᠪᠠᠨ ᠲᠢᠩᠬᠢᠮ ᠣᠶᠢᠷ᠎ᠠ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ᠢ ᠳᠠᠮᠵᠢᠭᠤᠯᠤᠨ | ᠲᠠᠷᠬᠠᠭᠠᠪᠠ᠃ ᠰᠠᠨᠠᠯ ᠳᠤ᠂ 2027 ᠣᠨ ᠤ ᠵᠢᠯ ᠤᠨ ᠡᠴᠦᠰ ᠪᠤᠯᠲᠠᠯ᠎ᠠ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠰᠢᠰᠲ᠋ᠧᠮ ᠢ ᠪᠦᠷᠢᠨᠰᠢᠭᠦᠯᠵᠦ᠂ | ᠪᠠᠷᠢᠯᠭ᠎ᠠ ᠶᠢᠨ ᠬᠤᠭ ᠨᠣᠪᠰᠢ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠵᠢᠷᠤᠮᠵᠢᠯ ᠢ ᠲᠡᠭᠦᠯᠳᠡᠷᠵᠢᠭᠦᠯᠦᠨ᠎ᠡ ᠭᠡᠵᠤ ᠳᠤᠷᠠᠳᠴᠠᠢ᠃ | ᠰᠠᠨᠠᠯ ᠳᠤ᠂ 2027 ᠣᠨ ᠤ ᠡᠴᠦᠰ ᠠᠴᠠ ᠡᠮᠦᠨ᠎ᠡ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠳᠦᠷᠢᠮ ᠢ ᠪᠦᠲᠦᠮᠵᠢᠲᠡᠶ | ᠨᠠᠶᠢᠳᠠᠪᠤᠷᠢᠵᠢᠭᠤᠯᠵᠤ᠂ ᠬᠤᠯᠠᠭᠠᠶᠢᠯᠠᠨ ᠭᠠᠳᠠᠭᠰᠢᠯᠠᠭᠤᠯᠵᠤ ᠳᠤᠷ᠎ᠠ ᠪᠠᠷ ᠢᠶᠠᠨ ᠬᠠᠶᠠᠬᠤ ᠠᠰᠠᠭᠤᠳᠠᠯ ᠢ ᠪᠦᠲᠦᠮᠵᠢᠲᠡᠶ ᠬᠤᠷᠢᠭᠯᠠᠵᠤ᠂ ᠪᠥᠬᠦ ᠤᠯᠤᠰ ᠤᠨ ᠲᠤᠰᠬᠠᠢ | ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠳᠤᠮᠳᠠᠴᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 50% ᠠᠴᠠ ᠳᠡᠭᠡᠭᠰᠢ ᠳᠤ | ᠬᠦᠷᠦᠭᠦᠯᠵᠦ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠪᠦᠲᠦᠮᠵᠢᠲᠡᠶ ᠵᠠᠰᠠᠬᠤ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ ᠭᠡᠵᠤ | ᠳᠤᠷᠠᠳᠪᠠ᠃ ᠣᠳᠣᠬᠠᠨ ᠳᠤ᠂ ᠮᠠᠨ ᠤ ᠤᠯᠤᠰ ᠤᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠵᠢᠯ ᠤᠨ ᠭᠠᠷᠤᠯᠲᠠ ᠶᠢᠨ ᠬᠡᠮᠵᠢᠶ᠎ᠡ 20 ᠭᠠᠷᠤᠢ | ᠳ᠋ᠦᠩᠰᠢᠭᠤᠷ ᠲᠣᠨ ᠳᠤ ᠬᠦᠷᠴᠦ᠂ ᠬᠡᠰᠡᠭ ᠪᠠᠷᠢᠯᠭ᠎ᠠ ᠶᠢᠨ ᠬᠤᠭ ᠨᠣᠪᠰᠢ ᠶᠢ ᠠᠰᠢᠭᠯᠠᠨ ᠰᠶᠢᠳᠪᠦᠷᠢᠯᠡᠬᠦ ᠣᠷᠣᠨ ᠵᠠᠢ ᠳᠤᠲᠠᠭᠳᠠᠵᠤ᠂ ᠬᠠᠤᠯᠢ ᠲᠣᠭᠲᠠᠭᠠᠯ ᠠᠴᠠ | ᠵᠥᠷᠢᠴᠡᠨ ᠬᠠᠶᠠᠬᠤ ᠠᠰᠠᠭᠤᠳᠠᠯ ᠮᠥᠨ ᠬᠦ ᠪᠠᠶᠢᠨ ᠳᠠᠬᠢᠨ ᠭᠠᠷᠴᠤ ᠪᠠᠶᠢᠨ᠎ᠠ᠃ ᠰᠠᠨᠠᠯ ᠳᠤ᠂ ᠡᠯ᠎ᠡ ᠭᠠᠵᠠᠷ ᠤᠨ ᠬᠢᠨ ᠬᠤᠲᠠ ᠶᠢᠨ ᠪᠠᠷᠢᠯᠭ᠎ᠠ ᠶᠢᠨ ᠬᠤᠭ | ᠨᠣᠪᠰᠢ ᠶᠢᠨ ᠬᠠᠮᠢᠶᠠᠷᠤᠯᠲᠠ ᠶᠢᠨ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠰᠶᠢᠳᠪᠦᠷᠢᠯᠡᠬᠦ | ᠵᠢᠴᠢ ᠪᠣᠬᠢᠷᠲᠤᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠤ᠂ ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢ ᠠᠰᠢᠭᠯᠠᠨ | ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ | ᠪᠠᠷᠢᠯᠭ᠎ᠠ ᠶᠢᠨ ᠬᠤᠭ ᠨᠣᠪᠰᠢ ᠶᠢ ᠰᠶᠢᠳᠪᠦᠷᠢᠯᠡᠬᠦ ᠬᠠᠮᠢᠶ᠎ᠠ ᠪᠦᠬᠦᠢ ᠮᠡᠷᠭᠡᠵᠢᠯ ᠪᠠ ᠪᠡᠯᠡᠳᠬᠡᠯ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ ᠭᠡᠵᠤ ᠲᠤᠳᠤᠷᠬᠠᠢ ᠲᠤᠭᠲᠠᠭᠠᠪᠠ᠃ ᠰᠠᠨᠠᠯ ᠳᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠪᠤᠶ ᠪᠣᠯᠭᠠᠬᠤ᠂ ᠴᠤᠭᠯᠠᠭᠤᠯᠬᠤ᠂ ᠬᠠᠳᠠᠭᠠᠯᠠᠬᠤ᠂ | ᠲᠡᠭᠡᠭᠡᠪᠦᠷᠢᠯᠡᠬᠦ᠂ ᠠᠰᠢᠭᠯᠠᠬᠤ ᠪᠠ ᠰᠶᠢᠳᠪᠦᠷᠢᠯᠡᠬᠦ ᠡᠯ᠎ᠡ ᠵᠠᠩᠭᠢᠯᠠᠭ᠎ᠠ ᠳᠤ ᠪᠣᠳᠠᠲᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠳᠤᠷᠠᠳᠴᠠᠢ᠃ ᠰᠠᠨᠠᠯ ᠳᠤ᠂ ᠡᠬᠢ | ᠡᠭᠦᠰᠦᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠤᠭᠰᠠᠷᠠᠮᠠᠯ ᠪᠠᠷᠢᠯᠭ᠎ᠠ ᠶᠢ ᠬᠥᠭᠵᠢᠭᠦᠯᠵᠦ᠂ ᠪᠣᠬᠢᠷᠲᠤᠯ ᠦᠭᠡᠢ ᠪᠠᠷᠢᠯᠭ᠎ᠠ ᠪᠠᠷᠢᠬᠤ ᠪᠠ ᠪᠦᠷᠢᠨ ᠵᠠᠰᠠᠵᠤ | ᠴᠢᠮᠡᠭᠯᠡᠬᠦ ᠶᠢ ᠲᠤᠰᠢᠶᠠᠨ ᠥᠭᠬᠦ ᠶᠢ ᠳᠡᠯᠭᠡᠷᠡᠭᠦᠯᠵᠦ᠂ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠲᠡᠭᠡᠭᠡᠪᠦᠷᠢᠯᠡᠬᠦ᠂ ᠠᠰᠢᠭᠯᠠᠬᠤ᠂ ᠰᠶᠢᠳᠪᠦᠷᠢᠯᠡᠬᠦ | ᠵᠠᠷᠤᠳᠠᠯ ᠢ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠳᠤ ᠣᠷᠣᠭᠤᠯᠤᠨ᠂ ᠪᠠᠷᠢᠯᠭ᠎ᠠ ᠶᠢᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ᠂ ᠲᠥᠷᠥᠯ | ᠬᠤᠪᠢᠶᠠᠨ ᠰᠶᠢᠳᠪᠦᠷᠢᠯᠡᠬᠦ ᠶᠢ ᠬᠡᠷᠡᠭᠵᠢᠭᠦᠯᠵᠦ᠂ ᠪᠠᠷᠢᠯᠭ᠎ᠠ ᠶᠢ ᠨᠤᠷᠠᠭᠠᠬᠤ ᠪᠠ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠨᠢᠭᠡ | ᠴᠣᠭᠴᠠᠵᠢᠭᠤᠯᠬᠤ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠬᠤ ᠶᠢᠨ ᠬᠠᠮᠲᠤ ᠵᠠᠰᠠᠵᠤ ᠴᠢᠮᠡᠭᠯᠡᠬᠦ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠠᠷᠢᠯᠭ᠎ᠠ ᠶᠢᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠪᠠ | ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠬᠤ ᠬᠡᠷᠡᠭᠳᠡᠢ ᠭᠡᠵᠤ ᠱᠠᠭᠠᠷᠳᠠᠪᠠ᠃ | ᠰᠠᠨᠠᠯ ᠳᠤ ᠪᠠᠰᠠ᠂ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠲᠡᠭᠦᠰᠬᠡᠯ ᠤᠨ ᠰᠶᠢᠳᠪᠦᠷᠢᠯᠡᠯᠲᠡ ᠶᠢ ᠵᠢᠷᠤᠮᠵᠢᠭᠤᠯᠬᠤ ᠬᠡᠷᠡᠭᠳᠡᠢ᠃ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠳᠡᠢ᠃ ᠪᠦᠬᠦ ᠶᠠᠪᠤᠴᠠ ᠶᠢᠨ | ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠳᠡᠢ᠃ ᠮᠤᠵᠢ ᠶᠢᠨ ᠱᠠᠲᠤᠨ ᠤ ᠨᠢᠭᠡᠳᠦᠯᠲᠡᠢ ᠲᠥᠯᠥᠪᠵᠢᠭᠦᠯᠬᠦ᠂ ᠬᠤᠲᠠ ᠶᠢᠨ ᠶᠡᠷᠦᠩᠬᠡᠢ ᠬᠠᠷᠢᠭᠤᠴᠠᠯᠭ᠎ᠠ ᠶᠢ | ᠬᠠᠷᠢᠭᠤᠴᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ᠂ ᠬᠠᠮᠲᠤᠷᠠᠨ ᠵᠠᠯᠬᠠᠭᠠᠨ | ᠴᠡᠭᠡᠷᠯᠡᠭᠦᠯᠬᠦ ᠠᠵᠢᠯ ᠤᠨ ᠲᠣᠭᠲᠡᠴᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠰᠶᠢᠳᠪᠦᠷᠢᠯᠡᠬᠦ ᠶᠢ ᠬᠢᠨᠠᠨ ᠵᠥᠪᠰᠢᠶᠡᠷᠡᠬᠦ ᠪᠠ | ᠰᠶᠢᠳᠪᠦᠷᠢᠯᠡᠬᠦ ᠲᠥᠰᠥᠯ ᠢ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠮᠡᠳᠡᠭᠡ ᠵᠠᠩᠭᠢᠵᠢᠯᠲᠠ ᠶᠢᠨ | ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠡᠯᠧᠺᠳ᠋ᠷᠣᠨ ᠬᠤᠯᠪᠣᠭᠠᠲᠤ ᠬᠠᠭᠤᠳᠠᠰᠤ ᠶᠢᠨ | ᠬᠠᠮᠢᠶᠠᠷᠤᠯᠲᠠ ᠶᠢ ᠬᠡᠷᠡᠭᠵᠢᠭᠦᠯᠵᠤ᠂ ᠬᠠᠤᠯᠢ ᠠᠴᠠ ᠵᠥᠷᠢᠴᠡᠨ ᠪᠠᠷᠢᠯᠭ᠎ᠠ ᠶᠢᠨ ᠬᠤᠭ ᠨᠣᠪᠰᠢ ᠬᠠᠶᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠦᠲᠦᠮᠵᠢᠲᠡᠶ ᠬᠡᠷᠡᠭᠵᠢᠭᠦᠯᠬᠦ ᠬᠡᠷᠡᠭᠳᠡᠢ ᠭᠡᠵᠤ ᠱᠠᠭᠠᠷᠳᠠᠵᠡᠢ᠃ ︵︽ᠲᠤᠮᠳᠠᠳᠤ ᠤᠯᠤᠰ ᠤᠨ ᠮᠤᠩᠭᠤᠯ ᠬᠡᠯᠡᠨ ᠤ | ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶ |