ᠬᠠᠷᠢᠶᠠᠲᠤ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠡᠪᠡᠷ ᠴᠡᠮᠴᠡᠭᠡᠷ᠂ | ᠰᠠᠭᠤᠷᠢᠰᠢᠬᠤ ᠳᠤ ᠲᠣᠬᠢᠷᠠᠮᠵᠢᠲᠠᠶ ᠬᠤᠲᠠ ᠪᠠᠯᠭᠠᠰᠤᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 5 ᠰᠠᠷ᠎ᠠ ᠶᠢᠨ 12 ᠤᠨ ᠡᠳᠦᠷ᠂ ᠳ᠋ᠧᠯᠪᠤᠷ | ᠪᠠᠯᠭᠠᠰᠤᠨ ᠳᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠠᠵᠢᠯᠲᠠᠳ ᠪᠣᠯᠤᠨ ᠰᠠᠶᠢᠨ ᠳᠤᠷ᠎ᠠ ᠶᠢᠨ ᠦᠢᠯᠡᠴᠢᠯᠡᠭᠴᠢᠳ ᠬᠤᠭ ᠨᠣᠪᠰᠢ ᠶᠢᠨ ᠤᠭᠤᠲᠠ᠂ ᠬᠠᠪᠬ᠎ᠠ ᠵᠡᠷᠭᠡ ᠪᠠᠭᠠᠵᠢ | ᠬᠡᠷᠡᠭᠰᠡᠯ ᠢᠶᠠᠨ ᠠᠪᠴᠤ᠂ ᠰᠠᠭᠤᠭᠠᠯᠢ ᠠᠷᠠᠳ ᠤᠨ ᠠᠰᠠᠷ ᠤᠨ ᠡᠮᠦᠨ᠎ᠡ᠂ ᠵᠠᠮ ᠤᠨ ᠬᠤᠶᠠᠷ ᠬᠠᠵᠠᠭᠤ ᠵᠡᠷᠭᠡ ᠣᠯᠠᠨ ᠨᠡᠶᠢᠲᠡ ᠶᠢᠨ ᠣᠷᠣᠨ ᠪᠦᠰᠡ ᠳᠤ ᠬᠤᠭ | ᠨᠣᠪᠰᠢ ᠶᠢ ᠴᠡᠪᠡᠷᠯᠡᠬᠦ ᠠᠵᠢᠯ ᠥᠷᠨᠢᠭᠦᠯᠵᠦ᠂ ᠣᠯᠠᠨ ᠢᠶᠠᠷ ᠢᠶᠠᠨ ᠠᠵᠢᠯ ᠤᠨ ᠬᠤᠪᠢᠶᠠᠷᠢᠯᠠᠯ ᠲᠣᠳᠣᠷᠬᠠᠶ ᠪᠠᠶᠢᠵᠤ᠂ ᠣᠷᠣᠨ ᠪᠦᠰᠡ ᠶᠢᠨ ᠴᠠᠭᠠᠨ ᠥᠩᠭᠡᠲᠦ ᠬᠤᠭ | ᠨᠣᠪᠰᠢ᠂ ᠰᠦᠯᠢᠶᠣᠣ ᠯᠣᠩᠬᠤ᠂ ᠡᠯᠳᠡᠪ ᠵᠦᠢᠯ ᠢ ᠨᠠᠷᠢᠨ ᠨᠢᠮᠪᠠᠶ ᠴᠡᠪᠡᠷᠯᠡᠪᠡ᠃ ᠲᠣᠰ ᠤᠳᠠᠭᠠᠨ ᠤ ᠠᠵᠢᠯᠯᠠᠭ᠎ᠠ ᠳᠤ᠂ ᠬᠥᠮᠦᠨ ᠪᠠ ᠮᠠᠰᠢᠨ ᠢ ᠤᠶᠠᠯᠳᠤᠭᠤᠯᠬᠤ | ᠠᠷᠭ᠎ᠠ ᠮᠠᠶ᠋ᠢᠭ ᠢ ᠠᠪᠴᠤ᠂ ᠲᠣᠮᠣ ᠬᠡᠯᠪᠡᠷᠢ ᠶᠢᠨ ᠮᠠᠰᠢᠨ ᠢᠶᠠᠷ ᠭᠤᠤᠯ ᠪᠣᠯᠭᠠᠵᠤ᠂ ᠪᠠᠷᠢᠯᠭ᠎ᠠ ᠶᠢᠨ ᠮᠠᠲ᠋ᠧᠷᠢᠶᠠᠯ ᠤᠨ ᠬᠤᠭ ᠨᠣᠪᠰᠢ᠂ ᠠᠮᠢᠳᠤᠷᠠᠯ ᠤᠨ ᠬᠤᠭ | ᠨᠣᠪᠰᠢ ᠶᠢ ᠴᠡᠪᠡᠷᠯᠡᠵᠦ᠂ ᠬᠥᠮᠦᠨ ᠤ ᠬᠦᠴᠦ ᠪᠠᠷ ᠬᠠᠪᠰᠤᠷᠤᠮᠵᠢ ᠪᠣᠯᠭᠠᠨ᠂ ᠠᠷᠢᠭᠤᠨ ᠴᠡᠪᠡᠷ ᠢ ᠪᠠᠲᠤᠯᠠᠵᠤ᠂ ᠬᠤᠲᠠ ᠶᠢᠨ ᠠᠷᠠᠳ ᠲᠤ ᠠᠷᠢᠭᠤᠨ ᠴᠡᠪᠡᠷ᠂ | ᠲᠠᠭᠠᠯᠠᠮᠵᠢᠲᠠᠶ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃ | ᠳ᠋ᠧᠯᠪᠤᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠡᠭᠡᠨ ᠭᠤᠤᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ | ᠭᠦᠨᠵᠡᠭᠡᠶ ᠥᠷᠨᠢᠭᠦᠯᠵᠦ᠂ ᠪᠠᠯᠭᠠᠰᠤᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠪᠠᠯᠭᠠᠰᠤᠨ ᠤ ᠨᠠᠮ ᠵᠠᠰᠠᠭ ᠤᠨ ᠪᠠᠭ ᠤᠨ | ᠪᠦᠷᠢᠯᠳᠦᠬᠦᠨ᠂ ᠳ᠋ᠧᠯᠪᠤᠷ ᠪᠠᠯᠭᠠᠰᠤᠨ ᠤ ᠳ᠋ᠠ ᠯᠢᠨ ᠺᠣᠮᠫᠠᠨᠢ ᠵᠢᠴᠢ ᠡᠯ᠎ᠡ ᠥᠷᠲᠡᠭᠡ ᠭᠠᠵᠠᠷ ᠤᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ | ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠴᠡᠪᠡᠷᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠵᠣᠬᠢᠴᠠᠭᠤᠯᠤᠨ ᠪᠥᠬᠦ ᠲᠠᠯ᠎ᠠ ᠪᠠᠷ ᠠᠬᠢᠭᠤᠯᠤᠨ᠎ᠠ᠃ | ᠲᠣᠰ ᠤᠳᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ 5 ᠰᠠᠷ᠎ᠠ ᠶᠢᠨ 12 ᠤᠨ ᠡᠳᠦᠷ ᠠᠴᠠ | ᠡᠬᠢᠯᠡᠵᠦ᠂ ᠬᠠᠭᠠᠰ ᠰᠠᠷ᠎ᠠ ᠶᠢᠨ ᠬᠤᠭᠤᠴᠠᠭ᠎ᠠ ᠪᠠᠷ ᠶᠠᠪᠤᠭᠳᠠᠵᠤ᠂ ᠪᠠᠯᠭᠠᠰᠤᠨ ᠤ ᠭᠤᠤᠯ ᠵᠡᠭᠡᠯᠢ ᠪᠠ ᠰᠠᠭᠤᠭᠠᠯᠢ ᠠᠷᠠᠳ ᠤᠨ ᠲᠣᠭᠤᠷᠢᠭ ᠤᠨ ᠵᠠᠮ ᠤᠨ ᠬᠤᠶᠠᠷ | ᠬᠠᠵᠠᠭᠤ ᠪᠠᠷ ᠣᠯᠠᠨ ᠲᠦᠮᠡᠨ ᠤ ᠣᠷᠣᠨ ᠰᠠᠭᠤᠴᠠ ᠶᠢᠨ ᠡᠷᠬᠢᠨ ᠲᠣᠭᠤᠷᠢᠨ ᠤ ᠬᠤᠭ ᠨᠣᠪᠰᠢ ᠶᠢ ᠲᠦᠢᠯᠪᠤᠷᠢᠲᠠᠶ ᠴᠡᠪᠡᠷᠯᠡᠨ᠎ᠡ᠃ |